ᠵᠢᠤ ᠶᠤᠸᠠᠨ ᠤ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠤᠨ ᠥᠨᠳᠥᠷ ᠪᠦᠲᠦᠮᠵᠢᠲᠡᠶ ᠦᠢᠯᠡᠴᠢᠯᠡᠭᠡ ᠨᠢ ᠳᠠᠬᠢᠨᠲᠠ ᠠᠵᠤ ᠠᠬᠤᠶᠢᠯᠠᠯ ᠤᠨ ᠮᠠᠭᠲᠠᠭᠠᠯ ᠢ ᠤᠯᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 3  ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠱᠢ ᠳ᠋ᠡ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ《ᠬᠡᠷ ᠪᠠᠶᠢᠰᠢᠩ ᠤᠨ ᠬᠠᠮᠢᠶᠠᠷᠤᠯᠲᠠ ᠶᠢᠨ ᠦᠢᠯᠡᠴᠢᠯᠡᠭᠡ ᠦᠨᠡᠨ ᠰᠠᠶᠢᠨ᠂ ᠤᠴᠢᠷ ᠶᠠᠪᠤᠳᠠᠯ ᠭᠦᠢᠴᠡᠳᠭᠡᠬᠦ ᠳᠤ ᠲᠦᠷᠭᠡᠨ ᠪᠥᠭᠡᠳ ᠦᠷ᠎ᠡ ᠪᠦᠲᠦᠮᠵᠢ ᠥᠨᠳᠥᠷ》ᠪᠠ《ᠴᠢᠨᠠᠷ ᠰᠠᠶᠢᠲᠠᠶ ᠦᠢᠯᠡᠴᠢᠯᠡᠭᠡ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠥᠨᠳᠥᠷ ᠪᠦᠲᠦᠮᠵᠢᠲᠡᠶ ᠠᠵᠢᠯᠯᠠᠬᠤ ᠳᠤ ᠴᠠᠬᠢᠯᠭᠠᠨ ᠮᠡᠲᠦ ᠲᠦᠷᠭᠡᠨ》ᠭᠡᠬᠦ ᠬᠡᠮᠡᠷᠯᠢᠭ  ᠲᠤᠭ ᠵᠢᠴᠢ ᠬᠤᠶᠠᠷ ᠲᠠᠯᠠᠷᠬᠠᠯ ᠤᠨ ᠵᠠᠬᠢᠳᠠᠯ ᠢ ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠵᠢᠦ ᠶᠤᠸᠠᠨ ᠤ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠳᠤ ᠬᠦᠷᠭᠡᠵᠦ ᠥᠭᠭᠦᠭᠰᠡᠨ ᠪᠥᠭᠡᠳ ᠴᠣᠩᠬᠤᠪᠴᠢ ᠶᠢᠨ ᠠᠵᠢᠯᠲᠠᠳ ᠤᠨ ᠥᠨᠳᠥᠷ ᠪᠦᠲᠦᠮᠵᠢᠲᠡᠶ ᠴᠢᠨᠠᠷ ᠰᠠᠶᠢᠲᠠᠶ ᠦᠢᠯᠡᠴᠢᠯᠡᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃
111.jpg
    ᠪᠤᠭᠤᠲᠤ ᠬᠤᠲᠠ ᠶᠢᠨ ᠱᠢ ᠳ᠋ᠡ ᠪᠠᠷᠢᠯᠭ᠎ᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠶᠢᠷ᠎ᠠ ᠳᠤ ᠵᠢᠦ ᠶᠤᠸᠠᠨ ᠤ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠳᠤ ᠬᠦᠷᠴᠦ ᠲᠤᠬᠠᠶᠢᠯᠠᠭᠰᠠᠨ ᠠᠵᠢᠯ ᠢᠶᠠᠨ   ᠭᠦᠢᠴᠡᠳᠭᠡᠪᠡ᠂ ᠪᠠᠶᠢᠴᠠᠭᠠᠨ ᠯᠠᠪᠯᠠᠭᠰᠠᠨ ᠤ ᠳᠠᠷᠠᠭ᠎ᠠ ᠬᠡᠰᠡᠭ ᠭᠡᠷ᠎ᠡ ᠳᠤ ᠠᠰᠠᠭᠤᠳᠠᠯ ᠣᠷᠣᠰᠢᠵᠤ ᠪᠠᠶᠢᠬᠤ ᠶᠢ ᠤᠯᠵᠤ ᠮᠡᠳᠡᠵᠡᠢ᠂ ᠴᠣᠩᠬᠤᠨ ᠳᠤ ᠠᠵᠢᠯᠯᠠᠵᠤ ᠪᠠᠶᠢᠭ᠎ᠠ ᠠᠵᠢᠯᠲᠠᠨ ᠠᠮᠠᠷᠠᠬᠤ ᠴᠠᠭ ᠢᠶᠠᠨ ᠦᠷᠡᠭᠳᠡᠭᠦᠯᠵᠦ᠂ ᠬᠦᠯᠢᠴᠡᠩᠭᠦᠶ ᠪᠠᠷ ᠲᠡᠭᠦᠨ ᠳᠤ  ᠨᠢᠭᠡ ᠨᠢᠭᠡ ᠪᠠᠷ ᠰᠢᠢᠳᠪᠦᠷᠢᠯᠡᠬᠦ ᠶᠢᠨ ᠬᠠᠮᠲᠤ ᠴᠠᠭ ᠨᠡᠮᠡᠵᠦ ᠠᠵᠢᠯᠯᠠᠨ ᠭᠦᠢᠴᠡᠳᠭᠡᠵᠦ᠂ ᠡᠴᠦᠰ ᠲᠡᠭᠡᠨ ᠤᠷᠤᠭᠰᠢᠲᠠᠶ ᠪᠠᠷ ᠭᠦᠢᠴᠡᠳᠬᠡᠭᠰᠡᠨ ᠪᠥᠭᠡᠳ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠠᠪᠤᠭᠰᠠᠨ ᠪᠠᠶᠢᠨ᠎ᠠ ᠭᠡᠵᠡᠶ᠃    ᠬᠡᠮᠡᠷᠯᠢᠭ ᠲᠤᠭ ᠪᠣᠯ ᠢᠷᠠᠭᠤ ᠠᠯᠳᠠᠷ ᠮᠥᠨ᠂ ᠨᠡᠩ ᠴᠤ ᠬᠠᠷᠢᠭᠤᠴᠠᠯᠭ᠎ᠠ ᠮᠥᠨ᠂ ᠵᠢᠦ ᠶᠤᠸᠠᠨ ᠤ ᠥᠯᠥ ᠬᠥᠳᠡᠯᠬᠦ ᠬᠦᠷᠤᠩᠬᠡ ᠶᠢ ᠬᠦᠯᠢᠶᠠᠨ ᠠᠪᠴᠤ ᠰᠢᠢᠳᠪᠦᠷᠢᠯᠡᠬᠦ ᠶᠡᠭᠡ ᠲᠢᠩᠬᠢᠮ ᠦᠷᠭᠦᠯᠵᠢᠯᠡᠨ《ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ᠂ ᠥᠨᠳᠥᠷ ᠪᠦᠲᠦᠮᠵᠢᠲᠡᠢ ᠦᠢᠯᠡᠴᠢᠯᠡᠬᠦ》ᠵᠣᠷᠢᠯᠲᠠ ᠶᠢ ᠪᠠᠷᠢᠮᠲᠠᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠳᠠᠩᠰᠠᠯᠠᠬᠤ ᠦᠢᠯᠡᠴᠢᠯᠡᠭᠡᠨ ᠤ ᠬᠠᠯᠠᠭᠤᠨ ᠳᠤᠯᠠᠭᠠᠨ ᠪᠣᠯᠤᠨ ᠦᠷ᠎ᠡ ᠠᠰᠢᠭ ᠢ ᠦᠨᠡᠨ ᠬᠦ ᠮᠡᠳᠡᠷᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号