ᠦᠷᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2025/3/6
    ᠪᠠᠶᠠᠨᠰᠢᠯᠢ ᠵᠡᠭᠡᠯᠢ ᠭᠤᠳᠤᠮᠵᠢ ᠤᠯᠤᠰ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ᠂《ᠬᠤᠶᠠᠷ ᠬᠡᠦᠬᠡᠳ ᠠᠪᠴᠤ ᠪᠣᠯᠬᠤ᠂ ᠭᠤᠷᠪᠠᠨ ᠬᠡᠦᠬᠡᠳ ᠠᠪᠴᠤ ᠪᠣᠯᠬᠤ ᠬᠡᠷ ᠪᠦᠯᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠦᠭᠬᠦ》ᠠᠵᠢᠯ ᠢ ᠦᠳᠲᠡᠷ ᠲᠦᠷᠭᠡᠨ ᠨᠠᠶᠢᠳᠠᠪᠤᠷᠢᠵᠢᠭᠤᠯᠪᠠ᠃ ᠨᠢᠭᠡ ᠲᠠᠯ᠎ᠠ ᠪᠠᠷ ᠯᠠᠪᠳᠠᠭᠤᠨ ᠪᠠᠲᠤᠲᠠᠶ ᠪᠠᠶᠢᠳᠠᠯ ᠢ ᠣᠶᠢᠯᠠᠭᠠᠵᠤ᠂ 2024 ᠣᠨ ᠤ 1 ᠰᠠᠷ᠎ᠠ ᠶᠢᠨ 1  ᠤ ᠡᠳᠦᠷ ᠠᠴᠠ ᠬᠤᠶᠢᠰᠢ ᠬᠠᠷᠢᠶ᠎ᠠ ᠣᠷᠣᠨ ᠤ ᠳᠣᠲᠣᠷᠠᠬᠢ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠪᠠᠶᠢᠳᠠᠯ ᠢ ᠪᠥᠬᠦ ᠲᠠᠯ᠎ᠠ ᠪᠠᠷ ᠪᠦᠷᠢᠳᠬᠡᠵᠦ᠂ ᠣᠨᠣᠪᠴᠢᠲᠠᠶ ᠰᠠᠭᠤᠷᠢ ᠲᠤᠭ᠎ᠠ ᠶᠢ ᠡᠵᠡᠮᠰᠢᠨ᠎ᠡ︔ ᠨᠥᠭᠦᠭᠡ ᠲᠠᠯ᠎ᠠ ᠪᠠᠷ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠲᠣᠰᠬᠤᠨ( ᠭᠡᠷ ᠬᠤᠷᠢᠶᠠᠯᠠᠯ )  ᠤᠨ ᠠᠵᠢᠯᠲᠠᠨ ᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠤᠨ ᠠᠬᠢᠴᠠ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠠᠰᠢᠭᠯᠠᠨ᠂ ᠦᠷᠡᠵᠢᠯ ᠤᠨ ᠦᠢᠯᠡᠴᠢᠯᠡᠭᠡ ᠶᠢᠨ ᠳᠡᠩᠰᠡᠯᠡᠯᠲᠡ ᠶᠢᠨ ᠠᠴᠢ ᠬᠤᠯᠪᠣᠭᠳᠠᠯ᠂ ᠶᠠᠪᠤᠴᠠ ᠪᠠ ᠮᠠᠲ᠋ᠧᠷᠢᠶᠠᠯ ᠢ ᠲᠦᠭᠡᠮᠡᠯᠵᠢᠭᠦᠯᠵᠦ᠂ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠰᠠᠶᠢᠨ ᠰᠠᠶᠢᠬᠠᠨ ᠮᠡᠳᠡᠬᠦ ᠠᠭᠤᠷ ᠠᠮᠢᠰᠬᠤᠯ ᠢ ᠪᠣᠶ ᠪᠣᠯᠭᠠᠨ᠎ᠠ᠃
111.jpg
    ᠪᠣᠳᠠᠲᠠᠶ ᠠᠵᠢᠯ ᠥᠷᠨᠢᠭᠦᠯᠬᠦ ᠶᠠᠪᠤᠴᠠ ᠳᠤ᠂ ᠵᠡᠭᠡᠯᠢ ᠭᠤᠳᠤᠮᠵᠢ ᠨᠢ ᠥᠨᠳᠥᠷ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ ᠵᠠᠷᠴᠢᠮ ᠢ ᠢᠮᠠᠭᠲᠠ ᠪᠠᠷᠢᠮᠲᠠᠯᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠶᠡᠬᠡᠪᠡᠷ ᠳᠥᠯᠭᠢᠨ  ᠠᠬᠢᠭᠤᠯᠤᠨ᠎ᠠ᠃ ᠨᠢᠭᠡ ᠲᠠᠯ᠎ᠠ ᠪᠠᠷ᠂ ᠠᠵᠢᠯ ᠶᠠᠪᠤᠳᠠᠯ ᠭᠦᠢᠴᠡᠳᠬᠡᠬᠦ ᠭᠠᠷᠳᠠᠮ ᠢ ᠳᠥᠭᠦᠮᠴᠢᠯᠡᠵᠦ᠂ ᠴᠢᠬᠤᠯᠠ ᠪᠤᠰᠤ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠠᠷᠤᠭᠠᠰᠤ ᠶᠢ ᠡᠬᠢ ᠡᠭᠦᠰᠦᠯ ᠠᠴᠠ ᠨᠢ ᠬᠥᠩᠭᠡᠷᠡᠭᠦᠯᠬᠦ ᠬᠡᠷᠡᠭᠲᠡᠶ︔ ᠨᠥᠭᠦᠭᠡ ᠲᠠᠯ᠎ᠠ ᠪᠠᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠳᠡᠩᠰᠡᠯᠡᠯᠲᠡ ᠶᠢᠨ ᠠᠷᠭ᠎ᠠ ᠵᠠᠮ ᠢ ᠰᠢᠯᠢᠳᠡᠭᠵᠢᠭᠦᠯᠦᠨ᠎ᠡ᠃ ᠰᠦᠯᠵᠢᠶᠡᠨ ᠳᠡᠭᠡᠷ᠎ᠡ ᠪᠤᠭᠤᠲᠤ ᠬᠤᠲᠠ ᠶᠢᠨ ᠦᠷᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ᠂ ᠪᠤᠭᠤᠲᠤ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠠᠪᠴᠠᠩ ᠳᠤ ᠲᠦᠰᠢᠭᠯᠡᠨ᠂ ᠭᠤᠶᠤᠴᠢᠯᠠᠯ ᠤᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ ᠬᠢᠨᠠᠨ ᠬᠠᠷᠭᠤᠭᠤᠯᠬᠤ ᠴᠤᠪᠤᠷᠠᠯ ᠢ ᠰᠦᠯᠵᠢᠶᠡᠨ ᠳᠡᠭᠡᠷ᠎ᠡ ᠠᠵᠢᠯᠯᠠᠭᠤᠯᠬᠤ ᠶᠢ ᠪᠡᠶᠡᠯᠡᠭᠦᠯᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠵᠤ᠂  ᠭᠦᠢᠴᠡᠳᠭᠡᠬᠦ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠎ᠡ︔ ᠰᠦᠯᠵᠢᠶᠡᠨ ᠠᠴᠠ ᠭᠠᠳᠠᠨ᠎ᠠ ᠵᠡᠭᠡᠯᠢ ᠭᠤᠳᠤᠮᠵᠢ ᠵᠢᠴᠢ ᠡᠯ᠎ᠡ ᠲᠣᠰᠬᠤᠨ  ᠭᠡᠷ ᠬᠤᠷᠢᠶᠠᠯᠠᠯ ᠳᠤ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠰᠠᠭᠤᠭᠠᠯᠢ ᠠᠷᠠᠳ ᠲᠤ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠪᠠ ᠭᠦᠢᠴᠡᠳᠭᠡᠬᠦ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠤᠷᠤᠭᠰᠢᠲᠠᠶ ᠪᠠᠷ ᠳᠡᠩᠰᠡᠯᠡᠨ ᠲᠡᠮᠳᠡᠭᠯᠡᠬᠦ ᠶᠢ ᠦᠨᠡᠨ ᠬᠦ ᠪᠠᠲᠤᠯᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠮᠵᠢᠯᠴᠠᠭᠤᠯᠬᠤ ᠡᠶᠢᠮᠦᠷᠬᠦ ᠠᠵᠢᠯ ᠤᠨ ᠬᠡᠯᠪᠡᠷᠢ ᠨᠢ ᠵᠡᠭᠡᠯᠢ ᠭᠤᠳᠤᠮᠵᠢ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠲᠤ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ ᠤ ᠪᠡᠶᠡᠴᠢ ᠣᠶᠢᠯᠠᠭᠠᠯᠲᠠ ᠶᠢ ᠬᠠᠩᠭᠠᠭᠰᠠᠨ ᠪᠠᠶᠢᠨ᠎ᠠ᠃
222.jpg
    ᠲᠠᠷᠠᠭᠠᠴᠢ ᠪᠠᠷ᠂ ᠪᠠᠶᠠᠨᠰᠢᠯᠢ ᠵᠡᠭᠡᠯᠢ ᠭᠤᠳᠤᠮᠵᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠦᠷᠡᠵᠢᠯ ᠤᠨ ᠦᠢᠯᠡᠴᠢᠯᠡᠭᠡ ᠶᠢ ᠳᠡᠩᠰᠡᠯᠡᠨ ᠲᠡᠮᠳᠡᠭᠯᠡᠬᠦ ᠠᠵᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠮ ᠪᠠ ᠤᠯᠤᠰ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠣᠯᠠᠨ ᠲᠦᠮᠡᠨ ᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠪᠣᠯᠤᠨ ᠵᠢᠷᠭᠠᠯᠲᠤ ᠲᠥᠷᠥᠭᠳᠡᠯ ᠪᠣᠯᠭᠠᠨ  ᠬᠤᠪᠢᠷᠠᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号