ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠦ ᠶᠤᠸᠠᠨ ᠲᠣᠭᠤᠷᠢᠭ ᠲᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/3/6
    3 ᠰᠠᠷ᠎ᠠ ᠶᠢᠨ 4  ᠤ ᠡᠳᠦᠷ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠧᠨ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠷᠦᠢ ᠨᠠᠷ ᠬᠤᠶᠠᠷᠬᠤᠳᠳᠤᠭ ᠪᠠᠯᠭᠠᠰᠤ ᠶᠢᠨ ᠶᠢᠦ ᠷᠠᠨ ᠳᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠶ ᠬᠤᠷᠰᠢᠶ᠎ᠠ᠂ ᠪᠤᠭᠤᠲᠤ ᠬᠤᠲᠠ ᠶᠢᠨ ᠭᠤᠸᠠᠩ ᠾᠧᠩ ᠲᠠᠷᠢᠶᠠᠴᠢᠳ ᠤᠨ ᠲᠤᠰᠬᠠᠶ ᠬᠤᠷᠰᠢᠶ᠎ᠠ ᠳᠤ ᠬᠦᠷᠴᠦ᠂  ᠵᠢᠤ ᠶᠤᠸᠠᠨ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠴᠠᠩ ᠰᠢᠨ᠂ ᠲᠠᠷᠢᠶᠠᠯᠠᠩ ᠤᠨ ᠲᠠᠰᠤᠭ ᠵᠢᠴᠢ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠨ ᠪᠠᠷ᠎ᠠ ᠪᠣᠯᠪᠠ᠃
11111.jpg
    ᠶᠢᠦ ᠷᠠᠨ ᠲᠠᠷᠢᠵᠥ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠢ ᠬᠤᠷᠰᠢᠶ᠎ᠠ ᠳᠤ᠂ ᠵᠢᠯᠣᠭᠤᠳᠬᠤ ᠳᠤᠭᠤᠶᠢᠯᠠᠩ ᠬᠦᠯᠡᠮᠵᠢ ᠳᠤ ᠭᠦᠨᠵᠡᠭᠡᠶᠢᠷᠡᠨ᠂ ᠲᠠᠷᠢᠮᠠᠯ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠠᠷᠢᠭᠤᠴᠠᠯᠭᠠᠲᠠᠨ ᠲᠠᠢ ᠲᠠᠷᠢᠵᠥ ᠤᠷᠭᠤᠭᠤᠯᠬᠤ ᠲᠥᠯᠥᠪᠯᠡᠭᠡ ᠪᠣᠯᠤᠨ ᠲᠤᠯᠭᠠᠷᠠᠵᠤ ᠪᠠᠶᠢᠭ᠎ᠠ ᠬᠦᠴᠢᠷᠳᠡᠯ ᠢ ᠰᠣᠯᠢᠯᠴᠠᠪᠠ᠃ ᠯᠢᠦ ᠷᠦᠢ᠂ ᠣᠳᠣᠬᠠᠨ ᠤ ᠠᠰᠢᠭᠲᠠᠢ ᠴᠠᠭ ᠠᠭᠤᠷ ᠤᠨ ᠨᠥᠬᠦᠴᠡᠯ ᠢ ᠭᠦᠢᠴᠡᠳ ᠠᠰᠢᠭᠯᠠᠵᠤ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠲᠦᠷᠭᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠠᠷᠢᠶᠠᠨ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠮᠠᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃
2222.jpg
    ᠪᠤᠭᠤᠲᠤ ᠬᠤᠲᠠ ᠶᠢᠨ ᠭᠤᠸᠠᠩ ᠾᠧᠩ ᠲᠠᠷᠢᠶᠠᠴᠢᠳ ᠤᠨ ᠲᠤᠰᠬᠠᠶ ᠬᠤᠷᠰᠢᠶ᠎ᠠ ᠳᠤ᠂ ᠵᠢᠯᠣᠭᠤᠳᠬᠤ ᠳᠤᠭᠤᠶᠢᠯᠠᠩ ᠲᠠᠷᠢᠮᠠᠯ ᠤᠨ ᠲᠣᠮᠣ ᠡᠷᠦᠬᠡ ᠲᠠᠢ ᠰᠣᠯᠢᠯᠴᠠᠨ ᠶᠠᠷᠢᠯᠴᠠᠬᠤ ᠬᠤᠷᠠᠯ ᠥᠷᠨᠢᠭᠦᠯᠵᠦ᠂ ᠲᠠᠷᠢᠶᠠᠯᠠᠩ ᠤᠨ ᠬᠡᠷᠡᠭᠰᠡᠯ ᠤᠨ ᠨᠥᠭᠡᠴᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠤᠨ ᠨᠥᠭᠡᠴᠡ ᠶᠢᠨ ᠬᠡᠮᠵᠢᠶ᠎ᠡ ᠵᠢᠴᠢ ᠬᠠᠩᠭᠠᠯᠭ᠎ᠠ ᠶᠢᠨ ᠵᠠᠮ ᠨᠢ ᠲᠣᠭᠲᠠᠭᠤᠨ ᠪᠠᠶᠢᠬᠤ ᠡᠰᠡᠬᠦ ᠶᠢ ᠨᠠᠷᠢᠨ ᠠᠰᠠᠭᠤᠪᠠ᠃ ᠬᠤᠷᠰᠢᠶ᠎ᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠲᠤᠯᠭᠠᠷᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠳᠤ ᠴᠢᠭᠯᠡᠭᠦᠯᠦᠨ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠠᠶ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠭᠰᠠᠨ ᠪᠥᠭᠡᠳ ᠲᠤᠰᠬᠠᠶ ᠰᠠᠨᠠᠭᠤᠯᠭ᠎ᠠ ᠭᠠᠷᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠲᠡᠶ ᠳᠡᠮᠵᠢᠯᠭᠡ ᠬᠠᠩᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号