ᠬᠠᠤᠯᠢᠴᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠭᠡᠬᠦ ᠶᠢᠨ ᠲᠥᠯᠥᠭᠡ᠂ ᠬᠠᠮᠢᠶᠠᠷᠤᠯᠲᠠ ᠪᠠ ᠦᠢᠯᠡᠴᠢᠯᠡᠭᠡ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠬᠠᠤᠯᠢᠴᠢ ᠶᠢᠨ ᠠᠵᠢᠯ ᠡᠷᠭᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ | 2025 ᠣᠨ ᠤ 2 ᠰᠠᠷ᠎ᠠ ᠳᠤ᠂ ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ | ᠲᠤᠭᠤᠷᠢᠭ ᠤᠨ ᠬᠠᠷᠢᠶ᠎ᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠥᠷᠨᠢᠭᠦᠯᠪᠡ᠃ | | | | ᠲᠤᠭᠤᠷᠢᠭ ᠤᠨ ᠬᠠᠷᠢᠶ᠎ᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠣᠨ ᠤ ᠪᠠᠶᠢᠴᠠᠭᠠᠯᠲᠠ ᠬᠢᠨᠠᠨ | ᠰᠢᠯᠭᠠᠯᠲᠠ ᠲᠠᠢ ᠤᠶᠠᠯᠳᠤᠭᠤᠯᠤᠨ᠂ ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠡᠯ᠎ᠡ | ᠭᠠᠵᠠᠷ ᠤᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠬᠦ ᠶᠠᠪᠤᠴᠠ ᠳᠤ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠦᠷᠢᠮ ᠲᠣᠭᠲᠠᠭᠠᠯ ᠢ ᠵᠢᠷᠤᠮᠯᠠᠭᠰᠠᠨ ᠪᠠᠶᠢᠳᠠᠯ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ | ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ᠂ ᠬᠠᠤᠯᠢᠴᠢ ᠶᠢᠨ ᠭᠠᠵᠠᠷ ᠤᠨ ᠢᠯᠡᠴᠢᠯᠡᠨ ᠮᠡᠳᠡᠭᠦᠯᠦᠭᠰᠡᠨ ᠪᠠ | ᠵᠠᠭᠠᠯᠳᠤᠭᠰᠠᠨ ᠪᠠᠶᠢᠳᠠᠯ᠂ ᠵᠠᠰᠠᠭ ᠵᠠᠬᠢᠷᠭᠠᠨ ᠤ ᠰᠢᠢᠳᠬᠡᠯ ᠢ ᠭᠦᠢᠴᠡᠳᠬᠡᠭᠰᠡᠨ ᠪᠠ ᠴᠡᠭᠴᠡᠯᠡᠨ ᠰᠠᠶᠢᠵᠢᠷᠠᠭᠤᠯᠤᠭᠰᠠᠨ | ᠵᠡᠷᠭᠡ ᠪᠠᠶᠢᠳᠠᠯ ᠳᠤ ᠪᠥᠬᠦ ᠲᠠᠯ᠎ᠠ ᠶᠢᠨ᠂ ᠨᠠᠷᠢᠯᠢᠭ ᠪᠣᠳᠠᠲᠠᠶ ᠪᠠᠶᠢᠴᠠᠭᠠᠯᠲᠠ ᠬᠢᠵᠦ᠂ ᠢᠯᠡᠷᠡᠭᠦᠯᠦᠭᠰᠡᠨ | ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠡᠷᠡᠮᠵᠢᠯᠡᠭᠦᠯᠬᠦ ᠶᠠᠷᠢᠯᠴᠠᠭ᠎ᠠ ᠥᠷᠨᠢᠭᠦᠯᠵᠦ᠂ | ᠠᠰᠠᠭᠤᠳᠠᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠨ᠎ᠡ᠃ | ᠪᠠᠶᠢᠴᠠᠭᠠᠭᠰᠠᠨ ᠶᠡᠷᠦᠩᠬᠡᠶ ᠪᠠᠶᠢᠳᠠᠯ ᠠᠴᠠ ᠦᠵᠡᠪᠡᠯ᠂ ᠵᠢᠤ ᠶᠤᠸᠠᠨ ᠲᠣᠭᠤᠷᠢᠭ ᠤᠨ 10 ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠨᠢ ᠴᠥᠮ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠲᠥᠷᠥᠯ ᠤᠨ ᠵᠢᠷᠤᠮᠵᠢᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠪᠠᠶᠢᠭᠤᠯᠤᠮᠵᠢ ᠶᠢᠨ ᠲᠦᠷᠢᠮ ᠤᠨ ᠰᠢᠰᠲ᠋ᠧᠮ ᠤᠨ ᠪᠠᠶᠢᠭᠤᠯᠤᠯᠲᠠ | ᠨᠡᠯᠢᠶᠡᠳ ᠪᠦᠷᠢᠨ ᠲᠡᠭᠦᠯᠳᠡᠷ᠂ ᠲᠠᠩᠰᠠ ᠡᠪᠬᠡᠮᠡᠯ ᠢ ᠴᠠᠭ ᠲᠤᠬᠠᠶ ᠳᠤᠨᠢ ᠲᠠᠩᠰᠠ ᠡᠪᠬᠡᠮᠡᠯ ᠳᠤ ᠣᠷᠣᠭᠤᠯᠵᠤ᠂ | ᠬᠡᠷᠡᠭ ᠰᠢᠢᠳᠪᠦᠷᠢᠯᠡᠬᠦ ᠶᠠᠰᠤ ᠴᠢᠨᠠᠷ ᠨᠢ ᠠᠳᠠᠯᠢ ᠬᠤᠭᠤᠴᠠᠭᠠᠨ ᠠᠴᠠ ᠪᠠᠨ ᠳᠡᠭᠡᠭᠰᠢᠯᠡᠯᠲᠡ ᠲᠠᠢ ᠪᠣᠯᠵᠣ᠂ | ᠲᠤᠬᠠᠶᠢᠯᠠᠭᠰᠠᠨ ᠠᠵᠢᠯ ᠢᠶᠠᠨ ᠡᠮᠬᠢ ᠵᠢᠷᠤᠮ ᠲᠠᠢ ᠥᠷᠨᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ ᠴᠢᠳᠠᠭᠰᠠᠨ ᠪᠠᠶᠢᠨ᠎ᠠ᠃ | ᠬᠤᠶᠢᠰᠢᠳᠠ᠂ ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠤᠭᠤᠷᠢᠭ ᠤᠨ ᠬᠠᠷᠢᠶ᠎ᠠ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠪᠠᠨ ᠦᠷᠭᠦᠯᠵᠢᠯᠡᠨ ᠴᠢᠩᠭᠠᠳᠬᠠᠵᠤ᠂ | ᠡᠯ᠎ᠡ ᠬᠠᠤᠯᠢᠴᠢ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠵᠥᠪ ᠠᠵᠢᠯ ᠡᠷᠭᠢᠯᠡᠬᠦ ᠤᠶᠢᠯᠠᠭᠠᠭᠳᠠᠬᠤᠨ ᠢ | ᠪᠣᠶ ᠪᠣᠯᠭᠠᠵᠤ᠂ ᠠᠵᠢᠯ ᠡᠷᠭᠢᠯᠡᠬᠦ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠨᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠢᠤ ᠶᠤᠸᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ | ᠲᠠᠰᠤᠷᠠᠯᠲᠠ ᠥᠬᠡᠶ ᠬᠦᠴᠦᠨ ᠴᠢᠳᠠᠯ ᠢᠶᠠᠨ ᠡᠷᠭᠦᠨ᠎ᠡ᠃ | | | | | | | | |