ᠶᠡᠷᠦᠩᠬᠡᠶ ᠱᠦᠵᠢ ᠰᠢ ᠶᠢᠨ ᠫᠢᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠶ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ《ᠰᠢᠨ᠎ᠡ ᠴᠠᠭ | ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠬᠦ ᠲᠤᠬᠠᠶ ᠰᠠᠨᠠᠯ》 ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 27 ᠤ ᠡᠳᠦᠷ ᠤᠨ ᠦᠳᠡ ᠶᠢᠨ | ᠡᠮᠦᠨ᠎ᠡ᠂ ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠥᠬᠦ | ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠬᠦ ᠠᠵᠢᠯ ᠤᠨ | ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠤᠭᠤᠷᠢᠭ ᠤᠨ ᠨᠠᠮ ᠤᠨ | ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ᠂ ᠬᠡᠰᠡᠭ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠲᠤᠭᠤᠷᠢᠭ ᠤᠨ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠾᠧ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠪᠥᠬᠦ ᠤᠯᠤᠰ ᠤᠨ ᠨᠡᠶᠢᠭᠡᠮ ᠤᠨ ᠠᠵᠢᠯ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂《 ᡁᠢ ᠮᠸᠢ ᠵᠢᠤ ᠶᠤᠸᠠᠨ》 ᠤ ᠵᠢᠤ ᠶᠤᠸᠠᠨ ᠲᠣᠭᠤᠷᠢᠭ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠵᠦ᠂《 ᠵᠢᠤ ᠶᠤᠸᠠᠨ ᠲᠣᠭᠤᠷᠢᠭ ᠤᠨ 2025 ᠣᠨ ᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠥᠰᠦᠯ》 ᠳᠤ ᠲᠠᠶᠢᠯᠤᠮᠵᠢ ᠬᠢᠪᠠ᠃ ᠰᠢᠷ᠎ᠠ ᠨᠤᠷ᠎ᠠ ᠵᠡᠭᠡᠯᠢ | ᠭᠤᠳᠤᠮᠵᠢ᠂ ᠪᠠᠶᠠᠨᠰᠢᠯᠢ ᠵᠡᠭᠡᠯᠢ ᠭᠤᠳᠤᠮᠵᠢ᠂ ᠳᠠᠯᠠᠨ ᠪᠤᠯᠠᠭ ᠪᠠᠯᠭᠠᠰᠤ᠂ ᠬᠤᠷᠢᠨᠭᠡᠷ ᠪᠠᠯᠭᠠᠰᠤ᠂ ᠲᠣᠭᠤᠷᠢᠭ ᠤᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠪᠯᠡᠯ ᠤᠨ ᠲᠣᠭᠤᠷᠢᠭ ᠤᠨ ᠬᠤᠷᠢᠶ᠎ᠠ᠂ ᠲᠣᠭᠤᠷᠢᠭ ᠤᠨ | ᠡᠮᠡᠭᠲᠡᠶᠢᠴᠦᠳ ᠤᠨ ᠬᠤᠯᠪᠣᠭ᠎ᠠ᠂ ᠵᠢᠤ ᠶᠤᠸᠠᠨ ᠲᠣᠭᠤᠷᠢᠭ ᠤᠨ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ | ᠲᠡᠷᠭᠡᠨ ᠤ ᠠᠩᠭᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ᠂ ᠨᠢᠭᠡᠴᠡ᠂ ᠡᠯ᠎ᠡ ᠰᠤᠮᠤ ᠪᠠᠯᠭᠠᠰᠤᠨ ᠤ | ᠵᠡᠭᠡᠯᠢ ᠭᠤᠳᠤᠮᠵᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠤᠨ᠂ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠮᠠᠨ ᠤ | ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠪᠣᠯᠪᠠᠰᠤᠨ ᠵᠢᠤ ᠶᠤᠸᠠᠨ ᠢ ᠪᠥᠲᠥᠭᠡᠨ ᠪᠠᠶᠢᠭᠤᠯᠬᠤ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ | ᠬᠦᠴᠦᠨ ᠢ ᠨᠢᠭᠲᠠᠷᠠᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ | ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠰᠠᠶᠢᠨ ᠲᠤᠷᠠᠴᠤᠳ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠤᠷᠢᠵᠤ ᠲᠤᠷᠰᠢᠯᠭ᠎ᠠ ᠪᠠᠨ ᠬᠤᠪᠢᠶᠠᠯᠴᠠᠨ ᠡᠳ᠋ᠯᠡᠭᠦᠯᠵᠦ᠂ | ᠡᠯ᠎ᠡ ᠰᠠᠯᠠᠭ᠎ᠠ ᠮᠥᠴᠢᠷ᠂ ᠨᠢᠭᠡᠴᠡ᠂ ᠡᠯ᠎ᠡ ᠰᠤᠮᠤ ᠪᠠᠯᠭᠠᠰᠤᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ | ᠠᠷᠭ᠎ᠠ ᠬᠡᠯᠪᠡᠷᠢ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠰᠡᠳᠬᠢᠯ ᠬᠥᠳᠡᠯᠭᠡᠮ᠎ᠡ ᠥᠯᠢᠭᠡᠷ ᠪᠠ ᠲᠡᠷᠢᠭᠦᠨ ᠤ | ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠤᠨ᠂ ᠠᠵᠢᠯᠯᠠᠭ᠎ᠠ ᠶᠢᠨ ᠲᠥᠯᠥᠪᠯᠡᠬᠦ᠂ ᠥᠷᠨᠢᠭᠦᠯᠬᠦ᠂ ᠤᠬᠠᠭᠤᠯᠵᠤ | ᠬᠥᠲᠥᠯᠦᠨ ᠵᠢᠯᠣᠭᠤᠳᠬᠤ ᠲᠠᠯ᠎ᠠ ᠪᠠᠷ ᠬᠦᠴᠦ ᠲᠠᠯᠪᠢᠨ᠎ᠠ᠃ ᠬᠤᠶᠠᠷ ᠲᠤ ᠡᠩᠨᠡᠭᠡᠨ ᠤ ᠪᠠᠶᠢᠭᠤᠯᠤᠯᠲᠠ ᠶᠢ ᠴᠢᠩᠭ᠎ᠠ | ᠠᠳᠬᠤᠬᠤ ᠬᠡᠷᠡᠭᠲᠡᠶ᠃《ᠥᠪᠥᠷ ᠮᠣᠩᠭᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠦᠯᠵᠢᠶ᠎ᠡ》 ᠶᠢᠨ | ᠲᠣᠭᠠᠴᠢᠯᠠᠭᠰᠠᠨ ᠲᠠᠪᠴᠠᠩ ᠳᠤ ᠲᠦᠰᠢᠭᠯᠡᠨ᠂ ᠪᠥᠬᠦ ᠲᠤᠭᠤᠷᠢᠭ ᠤᠨ ᠰᠠᠶᠢᠨ ᠲᠤᠷᠠᠴᠤᠳ ᠢ ᠡᠯᠰᠡᠬᠦ᠂ ᠳᠠᠩᠰᠠᠯᠠᠬᠤ | ᠵᠡᠷᠭᠡ ᠠᠵᠢᠯ ᠢ ᠰᠠᠶᠢᠲᠤᠷ ᠬᠢᠵᠦ᠂ ᠵᠢᠦ ᠶᠤᠸᠠᠨ ᠲᠣᠭᠤᠷᠢᠭ ᠤᠨ ᠦᠨᠡᠨ ᠨᠡᠷ᠎ᠡ ᠪᠠᠷ ᠢᠶᠠᠨ ᠳᠠᠩᠰᠠᠯᠠᠭᠤᠯᠤᠭᠰᠠᠨ | ᠰᠠᠶᠢᠨ ᠲᠤᠷᠠᠴᠤᠳ ᠤᠨ ᠲᠤᠭ᠎ᠠ ᠬᠡᠮᠵᠢᠶ᠎ᠡ ᠶᠢ ᠥᠷᠭᠡᠳᠬᠡᠨ᠎ᠡ᠃ ᠭᠤᠷᠪᠠ ᠳᠤ᠂ ᠠᠵᠢᠯᠯᠠᠭ᠎ᠠ ᠶᠢ ᠥᠷᠨᠢᠭᠦᠯᠬᠦ ᠳᠤ | ᠪᠣᠳᠠᠲᠤ ᠦᠷ᠎ᠡ ᠪᠦᠲᠦᠮᠵᠢ ᠭᠠᠷᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠵᠢᠤ ᠶᠤᠸᠠᠨ ᠲᠤᠭᠤᠷᠢᠭ ᠤᠨ ᠭᠤᠣᠯ | ᠠᠵᠢᠯ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠲᠠᠢ ᠤᠶᠠᠯᠳᠤᠭᠤᠯᠬᠤ ᠬᠡᠷᠡᠭᠲᠡᠢ᠃ ᠳᠥᠷᠪᠡ ᠳᠤ | ᠨᠡᠷᠡᠲᠦ ᠲᠥᠷᠥᠯ ᠲᠡᠮᠳᠡᠭᠲᠦ ᠶᠢᠨ ᠲᠥᠷᠥᠯ ᠵᠦᠢᠯ ᠨᠢ ᠣᠯᠠᠨ ᠲᠦᠮᠡᠨ ᠲᠠᠢ ᠣᠶᠢᠷᠠᠳᠬᠤ ᠬᠡᠷᠡᠭᠲᠡᠶ᠃ ᠡᠯ᠎ᠡ ᠰᠠᠯᠠᠭ᠎ᠠ | ᠮᠥᠴᠢᠷ᠂ ᠨᠢᠭᠡᠴᠡ᠂ ᠡᠯ᠎ᠡ ᠰᠤᠮᠤ ᠪᠠᠯᠭᠠᠰᠤᠨ ᠤ ᠵᠡᠭᠡᠯᠢ ᠭᠤᠳᠤᠮᠵᠢ ᠥᠪᠡᠷ ᠤᠨ ᠪᠣᠳᠠᠲᠤ ᠪᠠᠶᠢᠳᠠᠯ ᠢᠶᠠᠨ | ᠦᠨᠳᠦᠰᠦᠯᠡᠨ᠂ ᠥᠪᠡᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠲᠡᠮᠳᠡᠭ ᠢ ᠡᠭᠦᠳᠴᠦ᠂ ᠥᠪᠡᠷ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢᠶᠠᠨ ᠲᠥᠯᠥᠪᠯᠡᠬᠦ ᠬᠡᠷᠡᠭᠲᠡᠶ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠢᠶᠠᠨ ᠲᠠᠰᠤᠷᠠᠯᠲᠠ | ᠥᠬᠡᠶ ᠰᠢᠨᠡᠴᠢᠯᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠪᠠᠨ ᠥᠷᠭᠡᠳᠬᠡᠵᠦ᠂ ᠠᠷᠠᠳ ᠤᠨ | ᠠᠮᠢᠳᠤᠷᠠᠯ ᠳᠤ ᠦᠢᠯᠡᠴᠢᠯᠡᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠵᠡᠷᠭᠡ | ᠲᠠᠯ᠎ᠠ ᠪᠠᠷ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠲᠤᠰᠬᠠᠶᠢᠵᠢᠭᠤᠯᠬᠤ᠂ ᠲᠥᠷᠥᠯ ᠵᠦᠢᠯ᠂ ᠮᠡᠳᠡᠭᠡ ᠵᠠᠩᠭᠢᠵᠢᠯᠲᠠ᠂ ᠲᠥᠷᠥᠯ ᠲᠡᠮᠳᠡᠭᠵᠢᠭᠦᠯᠬᠦ ᠴᠢᠭᠯᠡᠯ ᠢᠶᠠᠷ | ᠬᠥᠭᠵᠢᠭᠦᠯᠦᠨ᠎ᠡ᠃ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠢᠦ ᠶᠤᠸᠠᠨ ᠤ ᠰᠠᠶᠢᠨ ᠳᠤᠷ᠎ᠠ ᠶᠢᠨ | ᠦᠢᠯᠡᠴᠢᠯᠡᠭᠡᠨ ᠤ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠥᠬᠦ ᠲᠤᠭᠤᠷᠢᠭ ᠤᠨ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠦᠲᠦᠮᠵᠢᠲᠡᠶ ᠬᠦᠴᠦ ᠨᠡᠮᠡᠷᠢᠯᠡᠨ᠎ᠡ᠃ | | | | | | | | |