ᠵᠢᠤ ᠶᠤᠸᠠᠨ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2 ᠳ᠋ᠤᠭᠠᠷ ᠰᠠᠷ᠎ᠠ ᠶᠢᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠠᠬᠢᠭᠤᠯᠪᠠ
ᠨᠡᠶᠢᠲᠡᠯᠡᠭᠰᠡᠨ ᠴᠠᠭ᠄
2025/3/6
    ᠵᠢᠤ ᠶᠤᠸᠠᠨ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠤᠨᠢᠨ ᠳᠡᠭᠡᠷ᠎ᠡ ᠨᠢ ᠬᠦᠴᠦᠯᠡᠵᠦ᠂ ᠬᠠᠤᠯᠢ ᠴᠠᠭᠠᠵᠠ ᠶᠢᠨ ᠪᠠᠶᠢᠭᠤᠯᠭ᠎ᠠ ᠲᠠᠢ ᠢᠳᠡᠪᠬᠢᠲᠡᠶ ᠬᠠᠮᠵᠢᠯᠴᠠᠨ ᠬᠡᠷᠡᠭ ᠰᠢᠢᠳᠪᠦᠷᠢᠯᠡᠵᠦ᠂ ᠪᠤᠰᠤᠳᠴᠢ᠂ ᠣᠨᠣᠪᠴᠢᠲᠠᠶ ᠦᠨ᠎ᠡ ᠬᠠᠩᠰᠢ ᠶᠢᠨ ᠦᠨᠳᠦᠰᠦᠯᠡᠯ ᠢ ᠥᠨᠳᠥᠷ ᠪᠦᠲᠦᠮᠵᠢᠲᠡᠶ ᠬᠠᠩᠭᠠᠵᠤ᠂ ᠴᠢᠩᠭ᠎ᠠ ᠵᠢᠷᠤᠮᠵᠢᠯ ᠲᠠᠢ᠂ ᠬᠠᠤᠯᠢ ᠶᠣᠰᠣᠨ ᠤ ᠵᠦᠶ ᠵᠣᠬᠢᠰᠲᠠᠶ ᠪᠠᠶᠢᠬᠤ ᠵᠠᠷᠴᠢᠮ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠡᠷᠡᠴᠢᠯᠡᠭᠡ ᠶᠢᠨ ᠲᠥᠪ ᠤᠨ ᠲᠣᠭᠲᠠᠭᠠᠭᠰᠠᠨ ᠡᠯ᠎ᠡ ᠲᠥᠷᠥᠯ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠲᠦᠷᠢᠮ ᠲᠣᠭᠲᠠᠭᠠᠯ ᠪᠠ ᠰᠠᠬᠢᠯᠭ᠎ᠠ ᠪᠠᠲᠤ ᠲᠠᠢ ᠬᠤᠯᠪᠣᠭᠳᠠᠭᠰᠠᠨ ᠡᠳ᠋ ᠪᠣᠳᠠᠰ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠵᠠᠷᠴᠢᠮ᠂ ᠲᠠᠰ ᠳᠠᠷᠠᠭᠠᠯᠠᠯ ᠢ ᠢᠮᠠᠭᠲᠠ ᠴᠢᠩᠭ᠎ᠠ ᠵᠢᠷᠤᠮᠯᠠᠨ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃    2025 ᠣᠨ ᠤ 2 ᠰᠠᠷ᠎ᠠ ᠳᠤ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠬᠡᠷᠡᠭ ᠢ ᠨᠡᠶᠢᠲᠡ 6 ᠬᠤᠪᠢ ᠰᠢᠢᠳᠪᠦᠷᠢᠯᠡᠵᠦ᠂ ᠮᠠᠭᠠᠳᠯᠠᠨ ᠲᠣᠭᠲᠠᠭᠠᠭᠰᠠᠨ ᠵᠣᠭᠤᠰ ᠤᠨ ᠲᠤᠭ᠎ᠠ ᠨᠢ 14181.2 ᠲᠥᠭᠦᠷᠢᠭ ᠲᠤ ᠬᠦᠷᠴᠦ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠳᠤ ᠠᠰᠢᠭᠲᠠᠶ ᠦᠨ᠎ᠡ ᠬᠠᠩᠰᠢ ᠶᠢᠨ ᠦᠨᠳᠦᠰᠦᠯᠡᠯ ᠬᠠᠩᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号