ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠠᠭᠠᠷ ᠤᠨ ᠳᠤᠯᠠᠭᠠᠨ ᠲᠦᠷᠭᠡᠨ ᠳᠡᠭᠡᠭᠰᠢᠯᠡᠵᠦ᠂ | ᠬᠠᠲᠤᠨ ᠭᠤᠤᠯ ᠤᠨ ᠪᠤᠭᠤᠲᠤ ᠶᠢᠨ ᠬᠡᠰᠡᠭ ᠤᠨ ᠰᠠᠪᠠ ᠭᠠᠵᠠᠷ ᠬᠠᠯᠢᠶ᠎ᠠ ᠦᠶᠡᠷ ᠤᠨ ᠵᠠᠩᠭᠢᠯᠠᠭ᠎ᠠ ᠶᠢᠨ ᠱᠠᠲᠤᠨ ᠳᠤ | ᠵᠢᠩᠬᠢᠨᠢ ᠪᠠᠷ ᠣᠷᠣᠵᠤ᠂ ᠠᠭᠠᠷ ᠤᠨ ᠳᠤᠯᠠᠭᠠᠨ ᠤ ᠳᠡᠭᠡᠨᠴᠡᠯ ᠬᠤᠪᠢᠷᠠᠯᠲᠠ ᠨᠢ ᠬᠠᠲᠤᠨ ᠭᠤᠤᠯ ᠤᠨ ᠪᠤᠭᠤᠲᠤ ᠶᠢᠨ | ᠬᠡᠰᠡᠭ ᠤᠨ ᠭᠤᠤᠯ ᠬᠡᠰᠦᠬᠦ ᠪᠠᠶᠢᠳᠠᠯ ᠢ ᠤᠯᠠᠮ ᠠᠴᠠ ᠤᠯᠠᠮ ᠪᠤᠳᠤᠯᠢᠶᠠᠨᠲᠠᠶ ᠪᠣᠯᠭᠠᠵᠠᠶ᠃ ᠭᠤᠣᠯ ᠬᠡᠰᠦᠬᠦ | ᠬᠤᠭᠤᠴᠠᠭᠠᠨ ᠳᠤ ᠭᠠᠷᠴᠤ ᠮᠡᠳᠡᠬᠦ ᠡᠯ᠎ᠡ ᠵᠦᠢᠯ ᠤᠨ ᠠᠶᠤᠯ ᠲᠦᠭᠰᠢᠭᠦᠷᠢ ᠶᠢ ᠠᠷᠭᠠᠴᠠᠭᠠᠬᠤ ᠶᠢᠨ ᠲᠥᠯᠥᠭᠡ᠂ 2 | ᠰᠠᠷ᠎ᠠ ᠶᠢᠨ 28 ᠤ ᠦᠳᠡ ᠶᠢᠨ ᠡᠮᠦᠨ᠎ᠡ᠂ ᠪᠤᠭᠤᠲᠤ ᠬᠤᠳᠠ ᠶᠢᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠪᠤᠭᠤᠲᠤ ᠬᠤᠳᠠ ᠶᠢᠨ ᠤᠢ | ᠰᠢᠭᠤᠢ ᠶᠢᠨ ᠭᠠᠯ ᠰᠡᠷᠭᠡᠶᠢᠯᠡᠬᠦ ᠳᠤᠮᠳᠠ ᠠᠩᠬᠢ᠂ ᠵᠢᠤ ᠶᠤᠸᠠᠨ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠵᠡᠷᠭᠡ ᠨᠢᠭᠡᠴᠡ ᠲᠠᠢ ᠬᠠᠮᠲᠤᠷᠠᠨ ᠬᠠᠳᠤᠨ ᠭᠤᠣᠯ ᠤᠨ | ᠪᠤᠭᠤᠲᠤ ᠶᠢᠨ ᠬᠡᠰᠡᠭ ᠤᠨ ᠪᠠᠭ᠎ᠠ ᠴᠠᠭᠠᠨ ᠭᠤᠣᠯ ᠤᠨ ᠡᠷᠬᠢᠨ ᠲᠣᠭᠤᠷᠢᠨ ᠤ ᠭᠠᠵᠠᠷ ᠣᠷᠣᠨ ᠳᠤ ᠬᠠᠯᠢᠶ᠎ᠠ ᠦᠶᠡᠷ ᠢ | ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠬᠢᠪᠡ᠃ | ᠰᠣᠷᠢᠯᠲᠠ ᠪᠠᠷ ᠭᠤᠤᠯ ᠬᠡᠰᠦᠬᠦ ᠬᠤᠭᠤᠴᠠᠭᠠᠨ ᠳᠤ ᠠᠭᠠᠷ ᠤᠨ ᠳᠤᠯᠠᠭᠠᠨ ᠳᠡᠭᠡᠭᠰᠢᠯᠡᠵᠦ᠂ ᠭᠤᠤᠯ ᠤᠨ ᠮᠦᠰᠦ | ᠲᠦᠷᠭᠡᠨ ᠬᠠᠶᠢᠯᠵᠤ᠂ ᠤᠰᠤᠨ ᠲᠦᠪᠰᠢᠨ ᠲᠦᠷᠭᠡᠨ ᠳᠡᠭᠡᠭᠰᠢᠯᠡᠵᠦ᠂ ᠮᠠᠨ ᠤ ᠬᠤᠲᠠ ᠶᠢᠨ ᠪᠠᠭ᠎ᠠ ᠴᠠᠭᠠᠨ ᠭᠤᠤᠯ | ᠣᠷᠴᠢᠮ ᠮᠥᠰᠥ ᠬᠠᠶᠢᠯᠵᠤ ᠦᠶᠡᠷ ᠡᠭᠦᠰᠴᠦ᠂ ᠣᠯᠠᠨ ᠲᠦᠮᠡᠨ ᠬᠠᠰᠢᠭᠳᠠᠭᠰᠠᠨ ᠪᠠᠶᠢᠳᠠᠯ ᠢᠯᠡᠷᠡᠵᠡᠶ᠃ ᠬᠡᠷᠡᠭ ᠤᠨ | ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠪᠤᠭᠤᠲᠤ ᠬᠤᠲᠠ ᠶᠢᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠳᠠᠷᠤᠢ ᠳᠤᠨᠢ ᠠᠪᠤᠷᠠᠨ ᠲᠤᠰᠠᠯᠠᠬᠤ | ᠲᠥᠰᠦᠯ ᠢᠶᠠᠨ ᠡᠬᠢᠯᠡᠭᠦᠯᠵᠦ᠂ ᠪᠤᠭᠤᠲᠤ ᠶᠢᠨ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠠᠩᠭᠢ ᠶᠢ ᠪᠠᠴᠢᠮ ᠳᠠᠶᠢᠴᠢᠯᠠᠨ ᠲᠤᠬᠠᠶ ᠶᠢᠨ ᠲᠠᠯᠠᠪᠠᠶ ᠳᠤ ᠣᠴᠢᠭᠤᠯᠵᠤ᠂ ᠠᠶᠤᠯ ᠠᠴᠠ ᠠᠪᠤᠷᠠᠨ | ᠲᠤᠰᠠᠯᠠᠬᠤ ᠠᠵᠢᠯ ᠥᠷᠨᠢᠭᠦᠯᠪᠡ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠦᠶᠡᠷ ᠢ ᠰᠡᠷᠭᠡᠶᠢᠯᠡᠵᠦ | ᠭᠠᠩ ᠲᠠᠢ ᠲᠡᠮᠡᠴᠡᠬᠦ ᠰᠠᠯᠠᠭᠠᠨ ᠤ ᠳᠠᠷᠤᠭ᠎ᠠ ᠳ᠋ᠦᠩ ᠹᠦ᠋ ᠨᠢᠤ ᠲᠠᠨᠢᠯᠴᠠᠭᠤᠯᠬᠤ ᠳᠠᠭᠠᠨ᠂ ᠬᠠᠲᠤᠨ ᠭᠤᠤᠯ ᠤᠨ | ᠮᠦᠰᠦ ᠶᠢᠨ ᠲᠦᠭᠵᠢᠷᠡᠯ᠂ ᠬᠡᠰᠦᠬᠦ ᠵᠡᠷᠭᠡ ᠰᠢᠯᠲᠠᠭᠠᠨ ᠠᠴᠠ ᠪᠣᠯᠵᠣ ᠤᠰᠤ ᠥᠰᠬᠦ ᠦᠵᠡᠭᠳᠡᠯ ᠭᠠᠷᠴᠤ᠂ | ᠭᠡᠨᠡᠳᠲᠡ ᠶᠢᠨ ᠴᠢᠨᠠᠷ ᠢᠶᠠᠷ ᠴᠢᠩᠭ᠎ᠠ᠂ ᠡᠪᠳᠡᠯᠡᠭᠡ ᠶᠢᠨ ᠬᠦᠴᠦᠨ ᠢᠶᠠᠷ ᠶᠡᠭᠡ ᠵᠡᠷᠭᠡ ᠣᠨᠴᠠᠯᠢᠭ ᠲᠠᠢ ᠪᠠᠶᠢᠳᠠᠭ᠃ | ᠣᠶᠢᠯᠠᠭᠠᠭᠰᠠᠨ ᠢᠶᠠᠷ᠂ ᠣᠳᠣᠬᠠᠨ ᠳᠤ ᠬᠠᠲᠤᠨ ᠭᠤᠤᠯ ᠤᠨ ᠬᠡᠰᠦᠯᠲᠡ ᠶᠢᠨ ᠵᠠᠭᠠᠭ ᠮᠠᠨ ᠤ ᠬᠤᠲᠠ ᠠᠴᠠ ᠪᠠᠰᠠ | 200 ᠭᠠᠷᠤᠶ ᠺᠢᠯᠣᠮᠧᠲᠷ ᠵᠠᠶᠢᠲᠠᠶ ᠪᠠᠶᠢᠨ᠎ᠠ᠃ ᠬᠠᠲᠤᠨ ᠭᠤᠤᠯ ᠤᠨ ᠬᠠᠯᠢᠶ᠎ᠠ ᠦᠶᠡᠷ ᠢ ᠰᠡᠷᠭᠡᠶᠢᠯᠡᠬᠦ ᠠᠵᠢᠯ ᠢ | ᠰᠠᠶᠢᠲᠤᠷ ᠬᠢᠬᠦ ᠶᠢᠨ ᠲᠥᠯᠥᠭᠡ᠂ ᠪᠤᠭᠤᠲᠤ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠢᠯᠣᠭᠤᠳᠬᠤ ᠭᠠᠵᠠᠷ ᠤᠷᠢᠳᠴᠢᠯᠠᠨ ᠲᠥᠰᠦᠪᠯᠡᠵᠦ᠂ ᠨᠢᠮᠪᠠᠶ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠬᠤ ᠨᠠᠷᠢᠨ ᠲᠥᠰᠦᠯ ᠲᠣᠭᠲᠠᠭᠠᠨ᠂ ᠠᠶᠤᠯ ᠠᠴᠠ ᠠᠪᠤᠷᠠᠬᠤ ᠭᠦᠢᠴᠡᠳ ᠡᠳ᠋ ᠪᠣᠳᠠᠰ ᠢ ᠨᠥᠭᠡᠴᠡᠯᠡᠵᠦ᠂ | ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠤᠨ ᠬᠠᠲᠤᠨ ᠭᠤᠤᠯ ᠤᠨ ᠬᠠᠯᠢᠶ᠎ᠠ ᠦᠶᠡᠷ ᠢ ᠰᠡᠷᠭᠡᠶᠢᠯᠡᠬᠦ | ᠰᠣᠷᠢᠯᠲᠠ ᠶᠢ ᠥᠷᠨᠢᠭᠦᠯᠵᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ | ᠪᠣᠯᠭᠠᠪᠠ᠃ ᠲᠣᠰ ᠤᠳᠠᠭᠠᠨ ᠤ ᠬᠠᠲᠤᠨ ᠭᠤᠤᠯ ᠤᠨ ᠬᠠᠯᠢᠶ᠎ᠠ ᠦᠶᠡᠷ ᠢ ᠰᠡᠷᠭᠡᠶᠢᠯᠡᠬᠦ ᠰᠣᠷᠢᠯᠲᠠ ᠶᠢ ᠦᠨᠡᠨ | ᠪᠣᠳᠠᠲᠠᠶ ᠪᠠᠷ ᠤᠭᠰᠠᠷᠠᠬᠤ᠂ ᠣᠯᠠᠨ ᠲᠠᠯ᠎ᠠ ᠶᠢᠨ ᠬᠠᠮᠲᠤᠷᠠᠭᠰᠠᠨ ᠵᠠᠭᠪᠤᠷ ᠢᠶᠠᠷ ᠥᠷᠨᠢᠭᠦᠯᠵᠦ᠂ ᠬᠠᠲᠤᠨ ᠭᠤᠤᠯ ᠤᠨ | ᠬᠠᠯᠢᠶ᠎ᠠ ᠦᠶᠡᠷ ᠡᠭᠦᠰᠦᠭᠰᠡᠨ ᠤ ᠳᠠᠷᠠᠭ᠎ᠠ ᠲᠣᠬᠢᠶᠠᠯᠳᠤᠵᠤ ᠮᠡᠳᠡᠬᠦ ᠬᠥᠮᠦᠰ ᠬᠠᠰᠢᠭᠳᠠᠬᠤ᠂ ᠡᠷᠢᠵᠦ ᠠᠪᠤᠷᠠᠬᠤ ᠪᠠ | ᠰᠢᠯᠵᠢᠭᠦᠯᠬᠦ᠂ ᠠᠶᠤᠯᠲᠤ ᠪᠠᠶᠢᠳᠠᠯ ᠢ ᠴᠠᠭᠳᠠᠨ ᠪᠠᠶᠢᠴᠠᠭᠠᠬᠤ ᠵᠡᠷᠭᠡ ᠪᠤᠳᠤᠯᠢᠶᠠᠨᠲᠠᠶ ᠪᠠᠶᠢᠳᠠᠯ ᠢ ᠳᠠᠭᠤᠷᠢᠶᠠᠭᠰᠠᠨ | ᠪᠠᠶᠢᠳᠠᠯ ᠳᠤᠤᠷ᠎ᠠ᠂ ᠵᠢᠯᠣᠭᠤᠴᠢ ᠥᠬᠡᠶ ᠨᠢᠰᠬᠡᠯ᠂ ᠬᠡᠶ ᠳᠡᠪᠢᠰᠬᠡᠷᠲᠦ ᠣᠩᠭᠤᠴᠠ᠂ ᠤᠰᠤᠨ ᠳᠡᠭᠡᠷᠡᠬᠢ ᠠᠯᠤᠰ | ᠡᠵᠡᠮᠰᠢᠯᠲᠦ ᠮᠠᠰᠢᠨ ᠬᠥᠮᠦᠨ᠂ ᠠᠭᠠᠷ ᠤᠨ ᠰᠢᠳᠡᠭᠦᠷ ᠢ ᠠᠪᠴᠢᠭᠤᠯᠬᠤ ᠵᠡᠷᠭᠡ ᠠᠯᠢ ᠣᠯᠠᠨ ᠰᠢᠨ᠎ᠡ ᠣᠨᠴᠠ ᠲᠣᠨᠤᠭ | ᠲᠥᠬᠦᠭᠡᠷᠦᠮᠵᠢ ᠲᠠᠢ ᠤᠶᠠᠯᠳᠤᠭᠤᠯᠤᠨ ᠮᠥᠰᠥᠨ ᠭᠠᠳᠠᠷᠭᠤ ᠶᠢᠨ ᠠᠪᠤᠷᠠᠨ ᠲᠤᠰᠠᠯᠠᠬᠤ ᠬᠢᠴᠢᠶᠡᠯ ᠲᠥᠷᠥᠯ ᠤᠨ | ᠰᠣᠷᠢᠯᠲᠠ ᠬᠢᠵᠦ᠂ ᠵᠢᠯᠣᠭᠤᠴᠢ ᠥᠬᠡᠶ ᠨᠢᠰᠬᠡᠯ ᠤᠨ ᠲᠤᠷᠰᠢᠨ ᠪᠠᠶᠢᠴᠠᠭᠠᠵᠤ ᠡᠷᠢᠵᠦ ᠠᠪᠤᠷᠠᠬᠤ᠂ ᠳᠡᠭᠡᠰᠦ ᠪᠠᠷ | ᠠᠪᠤᠷᠠᠨ ᠲᠤᠰᠠᠯᠠᠬᠤ ᠵᠡᠷᠭᠡ ᠠᠪᠤᠷᠠᠨ ᠲᠤᠰᠠᠯᠠᠬᠤ ᠬᠢᠴᠢᠶᠡᠯ ᠲᠥᠷᠥᠯ ᠢ ᠭᠤᠤᠯᠳᠠᠯᠭ᠎ᠠ ᠲᠠᠢ ᠰᠣᠷᠢᠯᠲᠠ ᠬᠢᠵᠦ᠂ | ᠡᠩᠨᠡᠭᠡ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠭᠰᠡᠨ ᠪᠠ ᠵᠢᠯᠣᠭᠤᠳᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠪᠡ᠃ | ᠪᠤᠭᠤᠲᠤ ᠶᠢᠨ ᠬᠦᠭᠡ ᠣᠭᠲᠠᠷᠭᠤᠢ ᠶᠢᠨ ᠠᠪᠤᠷᠠᠨ ᠲᠤᠰᠠᠯᠠᠬᠤ ᠠᠩᠬᠢ ᠶᠢᠨ ᠭᠦᠢᠴᠡᠳᠬᠡᠭᠴᠢ ᠠᠩᠬᠢ ᠶᠢᠨ | ᠳᠠᠷᠤᠭ᠎ᠠ ᠸᠧᠢ ᠯᠦᠩ ᠰᠤᠷᠪᠤᠯᠵᠢᠯᠠᠭᠴᠢ ᠳᠤ :《ᠡᠨᠡ ᠤᠳᠠᠭ᠎ᠠ ᠪᠤᠭᠤᠲᠤ ᠶᠢᠨ ᠬᠦᠭᠡ ᠣᠭᠲᠠᠷᠭᠤᠢ ᠶᠢᠨ ᠠᠪᠤᠷᠠᠨ | ᠲᠤᠰᠠᠯᠠᠬᠤ ᠠᠩᠬᠢ 21 ᠬᠥᠮᠦᠨ ᠬᠥᠳᠡᠯᠭᠡᠵᠦ᠂ ᠠᠪᠤᠷᠠᠨ ᠲᠤᠰᠠᠯᠠᠬᠤ ᠳᠤᠭᠤᠶᠢᠯᠠᠩ᠂ ᠡᠮᠴᠢᠯᠡᠭᠡᠨ ᠤ ᠳᠤᠭᠤᠶᠢᠯᠠᠩ | ᠪᠣᠯᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠬᠤᠪᠢᠶᠠᠵᠤ᠂ ᠲᠤᠰ ᠤᠳᠠᠭᠠᠨ ᠤ | ᠮᠥᠰᠥᠨ ᠭᠠᠳᠠᠷᠭᠤ ᠳᠤ ᠬᠠᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠵᠤ᠂ ᠠᠪᠤᠷᠠᠨ | ᠲᠤᠰᠠᠯᠠᠬᠤ ᠳᠤᠭᠤᠶᠢᠯᠠᠩ ᠨᠢ ᠭᠤᠣᠯᠳᠠᠭᠤ ᠬᠠᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ ᠶᠢ ᠬᠠᠷᠢᠭᠤᠴᠠᠵᠤ᠂ | ᠡᠮᠴᠢᠯᠡᠭᠡᠨ ᠤ ᠳᠤᠭᠤᠶᠢᠯᠠᠩ ᠨᠢ ᠰᠢᠯᠵᠢᠭᠦᠯᠦᠨ ᠵᠥᠭᠡᠭᠡᠪᠦᠷᠢᠯᠡᠬᠦ ᠪᠠ ᠡᠮᠴᠢᠯᠡᠭᠡᠨ ᠤ ᠪᠠᠲᠤᠯᠠᠭ᠎ᠠ ᠶᠢ ᠬᠠᠷᠢᠭᠤᠴᠠᠵᠤ᠂ | ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠡᠳ᠋ ᠪᠣᠳᠠᠰ ᠤᠨ ᠪᠠᠲᠤᠯᠠᠭ᠎ᠠ ᠶᠢ ᠬᠠᠷᠢᠭᠤᠴᠠᠨ᠎ᠠ᠃ | ᠪᠢᠳᠡ ᠠᠪᠤᠷᠠᠨ ᠲᠤᠰᠠᠯᠠᠬᠤ ᠭᠢᠰᠬᠢᠭᠦᠷ᠂ AED ᠂ ᠠᠪᠤᠷᠠᠨ ᠲᠤᠰᠠᠯᠠᠬᠤ ᠴᠠᠭᠠᠷᠢᠭ᠂ ᠠᠪᠤᠷᠠᠯᠳᠠ ᠶᠢᠨ | ᠬᠤᠪᠴᠠᠰᠤ ᠵᠡᠷᠭᠡ ᠡᠯ᠎ᠡ ᠵᠦᠢᠯ ᠤᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠠᠪᠴᠤ ᠶᠠᠪᠤᠪᠠ᠃ ᠡᠨᠡ | ᠤᠳᠠᠭ᠎ᠠ ᠶᠢᠨ ᠰᠣᠷᠢᠯᠲᠠ ᠪᠠᠷ ᠲᠠᠮᠵᠢᠨ᠂ ᠪᠢᠳᠡ ᠭᠤᠣᠯᠳᠠᠭᠤ ᠮᠥᠰᠥᠨ ᠭᠠᠳᠠᠷᠭᠤ ᠶᠢ ᠠᠪᠤᠷᠠᠨ ᠲᠤᠰᠠᠯᠠᠬᠤ | ᠪᠡᠯᠡᠳᠬᠡᠯ ᠲᠥᠰᠦᠯ ᠢ ᠰᠢᠯᠭᠠᠨ ᠨᠤᠲᠠᠯᠠᠬᠤ ᠶᠢᠨ ᠬᠠᠮᠲᠤ᠂ ᠮᠥᠰᠥᠨ ᠳᠡᠭᠡᠷᠡᠬᠢ ᠠᠪᠤᠷᠠᠨ ᠲᠤᠰᠠᠯᠠᠬᠤ ᠮᠡᠷᠭᠡᠵᠢᠯ | ᠪᠣᠯᠤᠨ ᠡᠯ᠎ᠡ ᠳᠤᠭᠤᠶᠢᠯᠠᠩ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠰᠢᠯᠭᠠᠨ ᠨᠤᠳᠠᠯᠠᠵᠤ᠂ ᠪᠣᠳᠠᠲᠠᠢ ᠠᠪᠤᠷᠠᠨ | ᠲᠤᠰᠠᠯᠠᠬᠤ ᠳᠤᠮᠳᠠ ᠰᠠᠶᠢᠨ ᠰᠠᠶᠢᠬᠠᠨ ᠬᠠᠮᠵᠢᠯᠴᠠᠵᠤ᠂ ᠲᠦᠷᠭᠡᠨ ᠲᠤᠰᠬᠠᠯ ᠲᠠᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ》ᠭᠡᠪᠡ᠃ | | | | | | | | |