ᠲᠤᠭᠤᠷᠢᠭ ᠤᠨ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ᠪᠠᠯᠠ ᠮᠥᠩᠭᠦ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠵᠢᠦ ᠶᠤᠸᠠᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠲᠦᠷᠭᠡᠨ ᠬᠥᠭᠵᠢᠯᠲᠡ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2025/3/7
    ᠵᠢᠦ ᠶᠤᠸᠠᠨ ᠲᠣᠭᠤᠷᠢᠭ ᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠤᠨ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠨ ᠬᠦᠭᠵᠢᠭᠦᠯᠬᠦ ᠶᠢᠨ ᠲᠥᠯᠥᠭᠡ᠃ ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠪᠠᠯᠠ ᠮᠥᠩᠭᠦ ᠶᠢ ᠲᠡᠮᠡᠴᠡᠨ ᠤᠯᠬᠤ ᠰᠠᠨᠠᠭᠠᠴᠢᠯᠠᠭᠠᠲᠤ ᠴᠢᠨᠠᠷ ᠢ ᠬᠦᠴᠦᠯᠡᠨ ᠴᠢᠩᠭᠠᠳᠬᠠᠵᠤ᠂ ᠠᠵᠤ ᠠᠬᠤᠶᠢᠯᠠᠯ ᠤᠨ ᠳᠠᠷᠤᠯᠲᠠ ᠶᠢ ᠨᠠᠮᠳᠠᠭᠤᠯᠬᠤ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠲᠥᠷᠥᠯ ᠵᠦᠢᠯ ᠢ ᠠᠬᠢᠭᠤᠯᠬᠤ᠂ ᠦᠢᠯᠡᠴᠢᠯᠡᠭᠡ ᠶᠢ ᠳᠡᠭᠡᠭᠰᠢᠯᠡᠭᠦᠯᠬᠦ ᠶᠢᠨ ᠴᠢᠬᠤᠯᠠ ᠰᠢᠪᠲᠤᠯᠤᠯᠲᠠ ᠪᠣᠯᠭᠠᠵᠤ᠂ ᠲᠤᠰᠬᠠᠶ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ《ᠠᠰᠢᠭ》ᠭᠥᠷᠳᠡᠬᠦ ᠶᠢ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠠᠵᠢᠯ ᠤᠨ ᠰᠡᠳᠬᠢᠴᠡ ᠪᠠᠨ ᠬᠤᠪᠢᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ 2025 ᠣᠨ ᠳᠤ ᠲᠤᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠰᠠᠨᠠᠭᠠᠴᠢᠯᠠᠭᠠᠲᠤ ᠪᠤᠰᠤ  ᠠᠴᠠ ᠰᠠᠨᠠᠭᠠᠴᠢᠯᠠᠭᠠᠲᠠᠢ  ᠪᠠᠶᠢᠷᠢᠨ ᠳᠤ ᠣᠷᠣᠵᠤ᠂ ᠪᠠᠯᠠ ᠮᠥᠩᠭᠦ ᠤᠯᠬᠤ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠨᠠᠶᠢᠳᠠᠪᠤᠷᠢᠵᠢᠭᠤᠯᠤᠯᠲᠠ ᠶᠢ ᠪᠣᠳᠠᠲᠠᠶ ᠰᠠᠶᠢᠲᠤᠷ ᠠᠳᠬᠤᠵᠤ᠂ ᠡᠯ᠎ᠡ ᠲᠠᠰᠤᠭ ᠤᠨ ᠪᠦᠷᠢᠯᠳᠦᠬᠦᠨ ᠠᠵᠢᠯ ᠬᠤᠪᠢᠶᠠᠷᠢᠯᠠᠨ ᠬᠠᠷᠢᠭᠤᠴᠠᠵᠤ᠂ ᠠᠵᠤ ᠠᠬᠤᠶᠢᠯᠠᠯ ᠤᠨ ᠪᠣᠬᠢᠷᠲᠤᠯ ᠥᠬᠡᠶ ᠦᠢᠯᠡᠳᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ《ᠲᠤᠰᠬᠠᠶ ᠨᠠᠷᠢᠯᠢᠭ ᠣᠨᠴᠠᠭᠠᠶ ᠰᠢᠨ᠎ᠡ》ᠳᠤᠮᠳᠠ ᠵᠢᠵᠢᠭ ᠠᠵᠤ ᠠᠬᠤᠶᠢᠯᠠᠯ ᠵᠡᠷᠭᠡ ᠲᠤᠰᠬᠠᠶ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠠᠵᠢᠯ ᠢ ᠪᠥᠬᠦ ᠬᠦᠴᠦᠨ ᠢᠶᠠᠷ ᠵᠢᠭᠠᠨ ᠵᠢᠯᠤᠭᠤᠳᠤᠨ᠎ᠠ᠃    ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠡᠵᠡᠮᠳᠡᠵᠦ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ 2025 ᠣᠨ ᠤ ᠥᠪᠡᠷᠲᠡᠭᠡᠨ ᠵᠠᠰᠠᠬᠤ ᠤᠷᠤᠨ ᠤ ᠱᠠᠲᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠤᠰᠬᠠᠶ ᠲᠥᠷᠥᠯ ᠵᠦᠢᠯ ᠢ ᠭᠤᠤᠯᠳᠠᠯᠭ᠎ᠠ ᠲᠠᠢ ᠠᠭᠤᠳᠠᠯᠵᠤ᠂ ᠠᠵᠤ ᠠᠬᠤᠶᠢᠯᠠᠯ ᠤᠨ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠨ᠎ᠡ᠃ ᠡᠭᠦᠨ ᠤ ᠬᠠᠮᠲᠤ᠂ ᠮᠠᠨ ᠤ ᠲᠣᠪᠴᠢᠶ᠎ᠠ ᠶᠢᠨ ᠥᠷᠨᠢᠭᠦᠯᠦᠭᠰᠡᠨ《ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ》᠂ ᠠᠵᠤ ᠠᠬᠤᠶᠢᠯᠠᠯ ᠢ ᠲᠤᠰᠠᠯᠠᠬᠤ ᠬᠤᠶᠠᠷ ᠬᠡᠮᠵᠢᠯᠳᠦ ᠺᠣᠳ᠋᠂ ᠨᠢᠭᠤᠷᠲᠠᠨ ᠰᠤᠷᠪᠤᠯᠵᠢᠯᠠᠬᠤ ᠵᠡᠷᠭᠡ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠣᠯᠠᠨ ᠤᠳᠠᠭ᠎ᠠ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠨ᠂ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢᠨ ᠬᠤᠷᠢᠭ᠎ᠠ ᠶᠢ ᠦᠨᠡᠨ ᠬᠦ ᠡᠪᠳᠡᠵᠦ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠨᠢ ᠳᠠᠭᠠᠷᠠᠬᠤ ᠥᠬᠡᠶ ᠪᠠᠶᠢᠬᠤ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠦ᠂ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠤᠰᠬᠠᠶ ᠲᠥᠷᠥᠯ ᠵᠦᠢᠯ ᠢ ᠬᠠᠪᠰᠤᠷᠤᠨ ᠤᠬᠠᠭᠠᠯᠠᠵᠤ ᠨᠥᠭᠡᠴᠡᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃    ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠵᠣᠯᠭᠠᠭᠤᠯᠵᠤ ᠬᠠᠷᠢᠯᠴᠠᠬᠤ ᠶᠢ ᠴᠢᠩᠭᠠᠳᠬᠠᠨ᠎ᠠ᠃ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠶᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠥᠬᠦ ᠶᠠᠪᠤᠴᠠ ᠳᠤ ᠲᠤᠤᠱᠯᠠᠭᠤᠯᠤᠨ᠎ᠠ᠃ ᠨᠢᠭᠡ ᠲᠠᠯ᠎ᠠ ᠪᠠᠷ᠂ ᠠᠵᠤ ᠠᠬᠤᠶᠢᠯᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤᠮᠳᠠ ᠠᠮᠠᠷᠬᠠᠨ ᠭᠠᠷᠬᠤ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠵᠢᠯᠣᠭᠤᠳᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠡᠭᠦᠯᠳᠡᠷᠵᠢᠭᠦᠯᠵᠦ᠂ ᠭᠤᠶᠤᠴᠢᠯᠠᠨ ᠮᠡᠳᠡᠭᠦᠯᠬᠦ ᠲᠥᠷᠥᠯ ᠵᠦᠢᠯ ᠢ ᠳᠡᠭᠡᠳᠦ ᠱᠠᠲᠤᠨ ᠤ ᠳᠡᠮᠵᠢᠬᠦ ᠴᠢᠭᠯᠡᠯ ᠪᠠ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠨᠥᠭᠦᠭᠡ ᠲᠠᠯ᠎ᠠ ᠪᠠᠷ᠂ ᠲᠣᠪᠴᠢᠶ᠎ᠠ ᠶᠢᠨ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠯᠭᠠᠯᠳᠤᠵᠤ᠂ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠪᠡ᠃    ᠲᠠᠷᠠᠭᠠᠴᠢ ᠪᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠨᠢᠭᠡᠨᠲᠡ ᠭᠤᠶᠤᠴᠢᠯᠠᠨ ᠮᠡᠳᠡᠭᠦᠯᠵᠦ ᠰᠢᠯᠭᠠᠨ ᠠᠪᠤᠭᠰᠠᠨ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ 2 ᠲᠥᠷᠥᠯ ᠵᠦᠢᠯ ᠪᠠ ᠥᠪᠡᠷᠲᠡᠭᠡᠨ ᠵᠠᠰᠠᠬᠤ ᠤᠷᠤᠨ ᠤ ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠵᠡᠷᠭᠡ ᠲᠥᠷᠥᠯ ᠵᠦᠢᠯ ᠢ ᠦᠷᠭᠦᠯᠵᠢᠯᠡᠨ ᠠᠩᠬᠠᠷᠴᠤ᠂ ᠨᠠᠩ ᠣᠯᠠᠨ ᠳᠠᠯᠳᠠ ᠬᠦᠴᠦᠨ ᠲᠠᠢ ᠲᠥᠷᠥᠯ ᠵᠦᠢᠯ ᠢ ᠨᠥᠭᠡᠴᠡᠯᠡᠬᠦ ᠶᠢᠨ ᠬᠠᠮᠲᠤ᠂ ᠲᠠᠷᠠᠭᠠᠴᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠡᠭᠦᠨ ᠤ ᠬᠠᠮᠲᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠣᠨᠣᠪᠴᠢᠲᠠᠶ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠡᠯ᠎ᠡ ᠱᠠᠲᠤᠨ ᠤ ᠡᠯ᠎ᠡ ᠲᠥᠷᠥᠯ ᠤᠨ ᠱᠠᠩᠨᠠᠨ ᠲᠡᠳᠬᠦᠬᠦ ᠪᠠᠯᠠ ᠮᠥᠩᠭᠦ ᠶᠢ ᠢᠳᠡᠪᠬᠢᠲᠡᠶ ᠣᠯᠵᠤ᠂ ᠪᠥᠬᠦ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号