《3.5 ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ》ᠬᠦᠷᠴᠦ ᠢᠷᠡᠬᠦ ᠲᠠᠰᠢᠷᠠᠮ ᠢᠶᠠᠷ᠂ ᠰᠢᠨ᠎ᠡ | ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠠᠨ ᠲᠦᠮᠡᠨ ᠤ ᠬᠠᠤᠯᠢ ᠪᠠᠷ ᠵᠠᠰᠠᠬᠤ | ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠦᠯᠦᠭᠡ᠂ 3 ᠰᠠᠷ᠎ᠠ ᠶᠢᠨ 4 ᠤ ᠡᠳᠦᠷ᠂ ᠵᠢᠤ ᠶᠤᠸᠠᠨ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ《ᠪᠤᠤ | ᠮᠢᠶᠠᠨ1958》 ᠳᠤ《ᠯᠧᠢ ᠹᠧᠩ ᠠᠴᠠ ᠰᠤᠷᠤᠯᠴᠠᠬᠤ》ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠤᠯ | ᠰᠡᠳᠦᠪᠲᠦ ᠨᠠᠮ ᠤᠨ ᠡᠳᠦᠷ ᠤᠨ ᠬᠦᠳᠡᠯᠭᠡᠭᠡᠨ ᠥᠷᠨᠢᠭᠦᠯᠵᠦ᠂ ᠬᠠᠤᠯᠢ ᠴᠠᠭᠠᠵᠠ ᠶᠢᠨ ᠴᠤᠭᠯᠠᠭ᠎ᠠ ᠶᠢᠨ ᠵᠠᠭᠪᠤᠷ ᠢᠶᠠᠷ | 2025 ᠣᠨ ᠤ ᠪᠤᠭᠤᠲᠤ ᠬᠤᠲᠠ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ | ᠲᠥᠪᠯᠡᠷᠡᠩᠭᠦᠶ ᠵᠢᠱᠢᠶ᠎ᠡ ᠦᠵᠡᠭᠦᠯᠬᠦ ᠬᠦᠳᠡᠯᠭᠡᠭᠡᠨ ᠳᠤ ᠢᠳᠡᠪᠬᠢᠲᠡᠶ ᠣᠷᠣᠯᠴᠠᠵᠤ᠂ ᠲᠤᠬᠠᠶ ᠶᠢᠨ ᠲᠠᠯᠠᠪᠠᠶ ᠶᠢᠨ ᠮᠠᠳᠠᠭ | ᠢ ᠲᠠᠶᠢᠯᠬᠤ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ᠂ ᠬᠠᠤᠯᠢ ᠴᠠᠭᠠᠵᠠ ᠶᠢᠨ ᠮᠡᠳᠡᠯᠭᠡ ᠶᠢᠨ | ᠬᠠᠷᠮᠠᠨ ᠪᠢᠴᠢᠭ ᠲᠠᠷᠬᠠᠭᠠᠬᠤ ᠵᠡᠷᠭᠡ ᠬᠦᠳᠡᠯᠭᠡᠭᠡᠨ ᠢᠶᠠᠷ ᠳᠡᠮᠵᠢᠨ ᠣᠯᠠᠨ ᠲᠦᠮᠡᠨ ᠳᠤ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠣᠷᠤᠭ ᠬᠡᠷ ᠪᠦᠯᠢ ᠶᠢᠨ ᠡᠷᠬᠡ ᠠᠰᠢᠭ ᠵᠡᠷᠭᠡ | ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠡᠷ ᠤᠨ ᠡᠭᠦᠳᠡᠨ ᠳᠤᠨᠢ ᠬᠦᠷᠭᠡᠬᠦ ᠪᠤᠯᠤᠯ᠎ᠠ᠃ | | | | ᠬᠦᠳᠡᠯᠭᠡᠭᠡᠨ ᠤ ᠠᠬᠤᠶ ᠲᠠᠯᠠᠪᠠᠶ᠂ ᠳᠡᠯᠭᠡᠭᠡ ᠮᠠᠶᠢᠮᠠᠶ ᠶᠢᠨ ᠡᠮᠦᠨᠡᠬᠢ ᠡᠯ᠎ᠡ ᠲᠥᠷᠥᠯ ᠤᠨ ᠬᠠᠤᠯᠢ ᠴᠠᠭᠠᠵᠠ ᠶᠢᠨ | ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠭᠯᠡᠭᠦᠷ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠴᠤᠪᠤᠷᠠᠯ ᠵᠢᠷᠤᠭ ᠤᠨ ᠲᠠᠶᠢᠯᠪᠤᠷᠢ ᠵᠡᠷᠭᠡ ᠶᠢ ᠪᠠᠭᠲᠠᠭᠠᠵᠤ᠂ ᠠᠭᠤᠯᠭ᠎ᠠ ᠶᠢᠨ | ᠬᠠᠮᠤᠷᠤᠯᠲᠠ ᠨᠢ ᠥᠷᠭᠡᠨ ᠳᠡᠯᠭᠡᠷ ᠪᠠᠶᠢᠵᠤ᠂ ᠣᠯᠠᠨ ᠲᠦᠮᠡᠨ ᠤ ᠠᠮᠢᠳᠤᠷᠠᠯ ᠤᠨ ᠪᠣᠳᠠᠲᠠᠶ ᠲᠠᠢ ᠣᠶᠢᠷᠠᠲᠤᠵᠤ᠂ | ᠨᠠᠮ ᠤᠨ ᠭᠡᠰᠢᠭᠦᠳ ᠢᠳᠡᠪᠬᠢᠲᠡᠶ ᠪᠠᠷ《ᠪᠡᠶ᠎ᠡ ᠶᠢᠨ ᠭᠠᠷᠤᠯ》 ᠢᠶᠠᠨ ᠦᠵᠡᠭᠦᠯᠵᠦ᠂ ᠣᠷᠣᠯᠴᠠᠭᠰᠠᠨ ᠣᠯᠠᠨ | ᠲᠦᠮᠡᠨ ᠳᠤ ᠤᠬᠠᠭᠤᠯᠭ᠎ᠠ ᠶᠢᠨ ᠪᠤᠳᠤᠭᠲᠤ ᠬᠠᠭᠤᠳᠠᠰᠤ ᠪᠠ ᠬᠠᠤᠯᠢ ᠴᠠᠭᠠᠵᠠ ᠶᠢᠨ ᠮᠡᠳᠡᠯᠭᠡ ᠶᠢᠨ ᠬᠠᠷᠮᠠᠨ ᠪᠢᠴᠢᠭ ᠢ | ᠬᠠᠯᠠᠭᠤᠮᠰᠤᠭ ᠢᠶᠠᠷ ᠲᠠᠷᠬᠠᠭᠠᠵᠤ᠂ ᠬᠥᠳᠡᠯᠮᠦᠷᠢ ᠶᠢᠨ ᠵᠢᠭᠤᠷᠠᠯᠳᠤᠭᠠᠨ ᠢ ᠠᠰᠠᠭᠤᠨ ᠯᠠᠪᠯᠠᠬᠤ ᠳᠤ ᠴᠤ ᠲᠡᠷᠡ᠂ | ᠣᠷᠤᠭ ᠬᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠳᠤ ᠴᠤ ᠲᠡᠷᠡ᠂ ᠴᠢᠨᠠᠭᠰᠢᠯᠠᠪᠠᠯ ᠡᠳᠦᠷ ᠲᠤᠲᠤᠮ ᠤᠨ | ᠠᠮᠢᠳᠤᠷᠠᠯ ᠳᠤᠮᠳᠠ ᠲᠤᠯᠭᠠᠷᠠᠭᠰᠠᠨ ᠬᠥᠷᠰᠢ ᠵᠡᠷᠭᠡᠯᠡᠳᠡᠭᠡ ᠶᠢᠨ ᠵᠥᠷᠢᠴᠡᠯ ᠳᠤ ᠴᠦ ᠲᠡᠷᠡ᠂ ᠨᠠᠮ ᠤᠨ ᠭᠡᠰᠢᠭᠦᠳ | ᠴᠥᠮ ᠰᠣᠷᠣᠭᠰᠠᠨ ᠬᠠᠤᠯᠢ ᠴᠠᠭᠠᠵᠠ ᠶᠢᠨ ᠮᠡᠳᠡᠯᠭᠡ ᠪᠠᠷ ᠢᠶᠠᠨ ᠣᠯᠠᠨ ᠲᠦᠮᠡᠨ ᠳᠤ ᠪᠣᠳᠠᠲᠤ ᠬᠡᠷᠡᠭᠯᠡᠭᠡᠨ ᠤ ᠬᠠᠤᠯᠢ | ᠴᠠᠭᠠᠵᠠ ᠶᠢᠨ ᠰᠠᠨᠠᠭᠤᠯᠭ᠎ᠠ ᠥᠭᠭᠦᠭᠰᠡᠨ ᠪᠠᠶᠢᠨ᠎ᠠ᠃ | ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠬᠦᠳᠡᠯᠭᠡᠭᠡᠨ ᠳᠤ᠂ ᠪᠠᠶᠢᠭᠤᠯᠭ᠎ᠠ ᠶᠢᠨ ᠨᠠᠮ ᠤᠨ | ᠡᠭᠦᠷ ᠬᠠᠤᠯᠢ ᠴᠠᠭᠠᠵᠠ ᠶᠢᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠭᠰᠡᠨ ᠨᠢ ᠰᠢᠨ᠎ᠡ ᠴᠠᠭ | ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠠᠮᠢᠳᠤᠯᠢᠭ ᠲᠠᠶᠢᠯᠪᠤᠷᠢᠯᠠᠭᠰᠠᠨ ᠢᠶᠠᠷ ᠪᠠᠷᠠᠬᠤ ᠥᠬᠡᠶ᠂ ᠪᠠᠰᠠ ᠴᠤ | ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠪᠠᠨ ᠢᠳᠡᠪᠬᠢᠲᠡᠶ | ᠭᠦᠢᠴᠡᠳᠬᠡᠵᠦ᠂ ᠣᠯᠠᠨ ᠲᠦᠮᠡᠨ ᠳᠤ ᠦᠢᠯᠡᠴᠢᠯᠡᠬᠦ ᠶᠢᠨ ᠪᠣᠳᠠᠲᠠᠶ ᠢᠯᠡᠷᠡᠯ ᠮᠥᠨ᠂ ᠲᠠᠷᠠᠭᠠᠴᠢ ᠪᠠᠷ᠂ | ᠪᠠᠶᠢᠭᠤᠯᠭ᠎ᠠ ᠶᠢᠨ ᠨᠠᠮ ᠤᠨ ᠡᠭᠦᠷ ᠦᠷᠭᠦᠯᠵᠢᠯᠡᠨ ᠨᠠᠩ ᠣᠯᠠᠨ ᠰᠢᠨ᠎ᠡ ᠶᠢ ᠡᠭᠦᠳᠬᠦ ᠦᠢᠯᠡᠴᠢᠯᠡᠭᠡᠨ ᠤ ᠵᠠᠭᠪᠤᠷ ᠢ | ᠬᠠᠶᠢᠨ ᠰᠦᠪᠡᠭᠴᠢᠯᠡᠵᠦ᠂ ᠯᠸᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠠᠮ ᠨᠡᠭᠡᠭᠡᠨ ᠰᠢᠨ᠎ᠡ ᠶᠢ | ᠡᠭᠦᠳᠬᠦ ᠵᠣᠷᠢᠭ ᠰᠠᠨᠠᠭ᠎ᠠ ᠪᠠ ᠵᠢᠳᠬᠦᠯ ᠴᠢᠷᠮᠠᠶᠢᠯᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ | ᠬᠦᠳᠡᠯᠭᠡᠭᠡᠨ ᠢ ᠢᠳᠡᠪᠬᠢᠲᠡᠶ ᠰᠠᠶᠢᠲᠤᠷ ᠬᠢᠨ᠎ᠠ᠃ | | | | | | | | |