ᠠᠶᠤᠯ ᠠᠴᠠ ᠠᠪᠤᠷᠠᠨ ᠲᠤᠰᠠᠯᠠᠬᠤ ᠰᠣᠷᠢᠯᠲᠠ ᠬᠢᠵᠤ ᠬᠠᠳᠤᠨ ᠭᠤᠤᠯ ᠤᠨ ᠰᠦᠩ ᠬᠠᠯᠢᠶ᠎ᠠ ᠶᠢ ᠠᠷᠭᠠᠴᠠᠬᠤ
ᠨᠡᠶᠢᠲᠡᠯᠡᠭᠰᠡᠨ ᠴᠠᠭ᠄
2025/3/7
    ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠠᠭᠠᠷ ᠤᠨ ᠳᠤᠯᠠᠭᠠᠨ ᠲᠦᠷᠭᠡᠨ ᠳᠡᠭᠡᠭᠰᠢᠯᠡᠵᠦ᠂ ᠬᠠᠲᠤᠨ ᠭᠤᠤᠯ ᠤᠨ ᠪᠤᠭᠤᠲᠤ ᠶᠢᠨ ᠬᠡᠰᠡᠭ ᠤᠨ ᠰᠠᠪᠠ ᠭᠠᠵᠠᠷ ᠰᠦᠩ ᠬᠠᠯᠢᠶ᠎ᠠ ᠶᠢᠨ ᠵᠠᠩᠭᠢᠯᠠᠭ᠎ᠠ ᠶᠢᠨ ᠱᠠᠲᠤᠨ ᠳᠤ ᠵᠢᠩᠬᠢᠨᠢ ᠪᠠᠷ ᠣᠷᠣᠵᠤ᠂ ᠠᠭᠠᠷ ᠤᠨ ᠳᠤᠯᠠᠭᠠᠨ ᠤ ᠳᠡᠭᠡᠨᠴᠡᠯ ᠬᠤᠪᠢᠷᠠᠯᠲᠠ ᠨᠢ ᠬᠠᠲᠤᠨ ᠭᠤᠤᠯ ᠤᠨ ᠪᠤᠭᠤᠲᠤ ᠶᠢᠨ ᠬᠡᠰᠡᠭ ᠤᠨ ᠭᠤᠤᠯ ᠭᠡᠰᠬᠦ ᠪᠠᠶᠢᠳᠠᠯ ᠢ ᠤᠯᠠᠮ ᠠᠴᠠ ᠤᠯᠠᠮ ᠪᠤᠳᠤᠯᠢᠶᠠᠨᠲᠠᠶ ᠪᠣᠯᠭᠠᠵᠠᠶ᠃ ᠭᠤᠣᠯ ᠭᠡᠰᠬᠦ ᠬᠤᠭᠤᠴᠠᠭᠠᠨ ᠳᠤ ᠭᠠᠷᠴᠤ ᠮᠡᠳᠡᠬᠦ ᠡᠯ᠎ᠡ ᠵᠦᠢᠯ ᠤᠨ ᠠᠶᠤᠯ ᠲᠦᠭᠰᠢᠭᠦᠷᠢ ᠶᠢ ᠠᠷᠭᠠᠴᠠᠭᠠᠬᠤ ᠶᠢᠨ ᠲᠥᠯᠥᠭᠡ᠂ 2 ᠰᠠᠷ᠎ᠠ ᠶᠢᠨ 28  ᠤ ᠦᠳᠡ ᠶᠢᠨ ᠡᠮᠦᠨ᠎ᠡ᠂ ᠪᠤᠭᠤᠲᠤ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠪᠤᠭᠤᠲᠤ ᠬᠤᠳᠠ ᠶᠢᠨ ᠤᠢ ᠰᠢᠭᠤᠢ ᠶᠢᠨ ᠭᠠᠯ ᠰᠡᠷᠭᠡᠶᠢᠯᠡᠬᠦ ᠳᠤᠮᠳᠠ ᠠᠩᠬᠢ᠂ ᠵᠢᠤ ᠶᠤᠸᠠᠨ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠵᠡᠷᠭᠡ ᠨᠢᠭᠡᠴᠡ ᠲᠠᠢ ᠬᠠᠮᠲᠤᠷᠠᠨ ᠬᠠᠳᠤᠨ ᠭᠤᠣᠯ ᠤᠨ ᠪᠤᠭᠤᠲᠤ ᠶᠢᠨ ᠬᠡᠰᠡᠭ ᠤᠨ ᠪᠠᠭ᠎ᠠ ᠴᠠᠭᠠᠨ ᠭᠤᠣᠯ ᠤᠨ ᠡᠷᠬᠢᠨ ᠲᠣᠭᠤᠷᠢᠨ ᠤ ᠭᠠᠵᠠᠷ ᠣᠷᠣᠨ ᠳᠤ ᠰᠦᠩ ᠬᠠᠯᠢᠶ᠎ᠠ ᠶᠢ ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠬᠢᠪᠡ᠃    ᠰᠣᠷᠢᠯᠲᠠ ᠪᠠᠷ ᠭᠤᠤᠯ ᠭᠡᠰᠬᠦ ᠬᠤᠭᠤᠴᠠᠭᠠᠨ ᠳᠤ ᠠᠭᠠᠷ ᠤᠨ ᠳᠤᠯᠠᠭᠠᠨ ᠳᠡᠭᠡᠭᠰᠢᠯᠡᠵᠦ᠂ ᠭᠤᠤᠯ ᠤᠨ ᠮᠦᠰᠦ ᠲᠦᠷᠭᠡᠨ ᠬᠠᠶᠢᠯᠵᠤ᠂ ᠤᠰᠤᠨ ᠲᠦᠪᠰᠢᠨ ᠲᠦᠷᠭᠡᠨ ᠳᠡᠭᠡᠭᠰᠢᠯᠡᠵᠦ᠂ ᠮᠠᠨ ᠤ ᠬᠤᠲᠠ ᠶᠢᠨ ᠪᠠᠭ᠎ᠠ ᠴᠠᠭᠠᠨ ᠭᠤᠤᠯ ᠣᠷᠴᠢᠮ ᠮᠥᠰᠥ ᠬᠠᠶᠢᠯᠵᠤ ᠦᠶᠡᠷ ᠡᠭᠦᠰᠴᠦ᠂ ᠣᠯᠠᠨ ᠲᠦᠮᠡᠨ ᠬᠠᠰᠢᠭᠳᠠᠭᠰᠠᠨ ᠪᠠᠶᠢᠳᠠᠯ ᠢᠯᠡᠷᠡᠵᠡᠶ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠪᠤᠭᠤᠲᠤ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠳᠠᠷᠤᠢ ᠳᠤᠨᠢ ᠠᠪᠤᠷᠠᠨ ᠲᠤᠰᠠᠯᠠᠬᠤ ᠲᠥᠰᠦᠯ ᠢᠶᠠᠨ ᠡᠬᠢᠯᠡᠭᠦᠯᠵᠦ᠂ ᠪᠤᠭᠤᠲᠤ ᠶᠢᠨ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢ ᠪᠠᠴᠢᠮ ᠳᠠᠶᠢᠴᠢᠯᠠᠨ ᠲᠤᠬᠠᠶ ᠶᠢᠨ ᠲᠠᠯᠠᠪᠠᠶ ᠳᠤ ᠣᠴᠢᠭᠤᠯᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠥᠷᠨᠢᠭᠦᠯᠪᠡ᠃    ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠰᠠᠯᠠᠭᠠᠨ ᠤ ᠳᠠᠷᠤᠭ᠎ᠠ ᠳ᠋ᠦᠩ ᠹᠦ᠋ ᠨᠢᠤ ᠲᠠᠨᠢᠯᠴᠠᠭᠤᠯᠬᠤ ᠳᠠᠭᠠᠨ᠂ ᠬᠠᠲᠤᠨ ᠭᠤᠤᠯ ᠤᠨ ᠮᠦᠰᠦ ᠶᠢᠨ ᠲᠦᠭᠵᠢᠷᠡᠯ᠂  ᠭᠡᠰᠬᠦ ᠵᠡᠷᠭᠡ ᠰᠢᠯᠲᠠᠭᠠᠨ ᠠᠴᠠ ᠪᠣᠯᠵᠣ ᠤᠰᠤ ᠥᠰᠬᠦ ᠦᠵᠡᠭᠳᠡᠯ ᠭᠠᠷᠴᠤ᠂ ᠭᠡᠨᠡᠳᠲᠡ ᠶᠢᠨ ᠴᠢᠨᠠᠷ ᠢᠶᠠᠷ ᠴᠢᠩᠭ᠎ᠠ᠂ ᠡᠪᠳᠡᠯᠡᠭᠡ ᠶᠢᠨ ᠬᠦᠴᠦᠨ ᠢᠶᠠᠷ ᠶᠡᠭᠡ ᠵᠡᠷᠭᠡ ᠣᠨᠴᠠᠯᠢᠭ ᠲᠠᠢ ᠪᠠᠶᠢᠳᠠᠭ᠃ ᠣᠶᠢᠯᠠᠭᠠᠭᠰᠠᠨ ᠢᠶᠠᠷ᠂ ᠣᠳᠣᠬᠠᠨ ᠳᠤ ᠬᠠᠲᠤᠨ ᠭᠤᠤᠯ ᠤᠨ ᠬᠡᠰᠦᠯᠲᠡ ᠶᠢᠨ ᠵᠠᠭᠠᠭ ᠮᠠᠨ ᠤ ᠬᠤᠲᠠ ᠠᠴᠠ ᠪᠠᠰᠠ 200 ᠭᠠᠷᠤᠶ ᠺᠢᠯᠣᠮᠧᠲᠷ ᠵᠠᠶᠢᠲᠠᠶ ᠪᠠᠶᠢᠨ᠎ᠠ᠃ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠤᠭᠤᠲᠤ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠷᠢᠳᠴᠢᠯᠠᠨ ᠲᠥᠰᠦᠪᠯᠡᠵᠦ᠂ ᠨᠢᠮᠪᠠᠶ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠨᠠᠷᠢᠨ ᠲᠥᠰᠦᠯ ᠲᠣᠭᠲᠠᠭᠠᠨ᠂ ᠠᠶᠤᠯ ᠠᠴᠠ ᠠᠪᠤᠷᠠᠬᠤ ᠭᠦᠢᠴᠡᠳ ᠡᠳ᠋ ᠪᠣᠳᠠᠰ ᠢ ᠨᠥᠭᠡᠴᠡᠯᠡᠵᠦ᠂ ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠤᠨ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠰᠣᠷᠢᠯᠲᠠ ᠶᠢ ᠥᠷᠨᠢᠭᠦᠯᠵᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠲᠣᠰ ᠤᠳᠠᠭᠠᠨ ᠤ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠰᠣᠷᠢᠯᠲᠠ ᠶᠢ ᠦᠨᠡᠨ ᠪᠣᠳᠠᠲᠠᠶ ᠪᠠᠷ ᠤᠭᠰᠠᠷᠠᠬᠤ᠂ ᠣᠯᠠᠨ ᠲᠠᠯ᠎ᠠ ᠶᠢᠨ ᠬᠠᠮᠲᠤᠷᠠᠭᠰᠠᠨ ᠵᠠᠭᠪᠤᠷ ᠢᠶᠠᠷ ᠥᠷᠨᠢᠭᠦᠯᠵᠦ᠂ ᠬᠠᠲᠤᠨ ᠭᠤᠤᠯ ᠤᠨ ᠰᠦᠩ ᠬᠠᠯᠢᠶ᠎ᠠ ᠡᠭᠦᠰᠦᠭᠰᠡᠨ ᠤ ᠳᠠᠷᠠᠭ᠎ᠠ ᠲᠣᠬᠢᠶᠠᠯᠳᠤᠵᠤ ᠮᠡᠳᠡᠬᠦ ᠬᠥᠮᠦᠰ ᠬᠠᠰᠢᠭᠳᠠᠬᠤ᠂ ᠡᠷᠢᠵᠦ ᠠᠪᠤᠷᠠᠬᠤ ᠪᠠ ᠰᠢᠯᠵᠢᠭᠦᠯᠬᠦ᠂ ᠠᠶᠤᠯᠲᠤ ᠪᠠᠶᠢᠳᠠᠯ ᠢ ᠴᠠᠭᠳᠠᠨ ᠪᠠᠶᠢᠴᠠᠭᠠᠬᠤ ᠵᠡᠷᠭᠡ ᠪᠤᠳᠤᠯᠢᠶᠠᠨᠲᠠᠶ ᠪᠠᠶᠢᠳᠠᠯ ᠢ ᠳᠠᠭᠤᠷᠢᠶᠠᠭᠰᠠᠨ ᠪᠠᠶᠢᠳᠠᠯ ᠳᠤᠤᠷ᠎ᠠ᠂ ᠵᠢᠯᠣᠭᠤᠴᠢ ᠥᠬᠡᠶ ᠨᠢᠰᠬᠡᠯ᠂ ᠬᠡᠶ ᠳᠡᠪᠢᠰᠬᠡᠷᠲᠦ ᠣᠩᠭᠤᠴᠠ᠂ ᠤᠰᠤᠨ ᠳᠡᠭᠡᠷᠡᠬᠢ ᠠᠯᠤᠰ ᠡᠵᠡᠮᠰᠢᠯᠲᠦ ᠮᠠᠰᠢᠨ ᠬᠥᠮᠦᠨ᠂ ᠠᠭᠠᠷ ᠤᠨ ᠰᠢᠳᠡᠭᠦᠷ ᠢ ᠠᠪᠴᠢᠭᠤᠯᠬᠤ ᠵᠡᠷᠭᠡ ᠠᠯᠢ ᠣᠯᠠᠨ ᠰᠢᠨ᠎ᠡ ᠣᠨᠴᠠ ᠲᠣᠨᠤᠭ ᠲᠥᠬᠦᠭᠡᠷᠦᠮᠵᠢ ᠲᠠᠢ ᠤᠶᠠᠯᠳᠤᠭᠤᠯᠤᠨ ᠮᠥᠰᠥᠨ ᠭᠠᠳᠠᠷᠭᠤ ᠶᠢᠨ ᠠᠪᠤᠷᠠᠨ ᠲᠤᠰᠠᠯᠠᠬᠤ ᠬᠢᠴᠢᠶᠡᠯ ᠲᠥᠷᠥᠯ ᠤᠨ ᠰᠣᠷᠢᠯᠲᠠ ᠬᠢᠵᠦ᠂ ᠵᠢᠯᠣᠭᠤᠴᠢ ᠥᠬᠡᠶ ᠨᠢᠰᠬᠡᠯ ᠤᠨ ᠲᠤᠷᠰᠢᠨ ᠪᠠᠶᠢᠴᠠᠭᠠᠵᠤ ᠡᠷᠢᠵᠦ ᠠᠪᠤᠷᠠᠬᠤ᠂ ᠳᠡᠭᠡᠰᠦ ᠪᠠᠷ ᠠᠪᠤᠷᠠᠨ ᠲᠤᠰᠠᠯᠠᠬᠤ ᠵᠡᠷᠭᠡ ᠠᠪᠤᠷᠠᠨ ᠲᠤᠰᠠᠯᠠᠬᠤ ᠬᠢᠴᠢᠶᠡᠯ ᠲᠥᠷᠥᠯ ᠢ ᠭᠤᠤᠯᠳᠠᠯᠭ᠎ᠠ ᠲᠠᠢ ᠰᠣᠷᠢᠯᠲᠠ ᠬᠢᠵᠦ᠂ ᠡᠩᠨᠡᠭᠡ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠ ᠵᠢᠯᠣᠭᠤᠳᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠪᠡ᠃    ᠪᠤᠭᠤᠲᠤ ᠶᠢᠨ ᠬᠦᠭᠡ ᠣᠭᠲᠠᠷᠭᠤᠢ ᠶᠢᠨ ᠠᠪᠤᠷᠠᠨ ᠲᠤᠰᠠᠯᠠᠬᠤ ᠠᠩᠬᠢ ᠶᠢᠨ ᠭᠦᠢᠴᠡᠳᠬᠡᠭᠴᠢ ᠠᠩᠬᠢ ᠶᠢᠨ ᠳᠠᠷᠤᠭ᠎ᠠ ᠸᠧᠢ ᠯᠦᠩ ᠰᠤᠷᠪᠤᠯᠵᠢᠯᠠᠭᠴᠢ ᠳᠤ :《ᠡᠨᠡ ᠤᠳᠠᠭ᠎ᠠ ᠪᠤᠭᠤᠲᠤ ᠶᠢᠨ ᠬᠦᠭᠡ ᠣᠭᠲᠠᠷᠭᠤᠢ ᠶᠢᠨ ᠠᠪᠤᠷᠠᠨ ᠲᠤᠰᠠᠯᠠᠬᠤ ᠠᠩᠬᠢ 21 ᠬᠥᠮᠦᠨ ᠬᠥᠳᠡᠯᠭᠡᠵᠦ᠂ ᠠᠪᠤᠷᠠᠨ ᠲᠤᠰᠠᠯᠠᠬᠤ ᠳᠤᠭᠤᠶᠢᠯᠠᠩ᠂ ᠡᠮᠴᠢᠯᠡᠭᠡᠨ ᠤ ᠳᠤᠭᠤᠶᠢᠯᠠᠩ ᠪᠣᠯᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠬᠤᠪᠢᠶᠠᠵᠤ᠂ ᠲᠤᠰ ᠤᠳᠠᠭᠠᠨ ᠤ ᠮᠥᠰᠥᠨ ᠭᠠᠳᠠᠷᠭᠤ ᠳᠤ ᠬᠠᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠵᠤ᠂ ᠠᠪᠤᠷᠠᠨ ᠲᠤᠰᠠᠯᠠᠬᠤ ᠳᠤᠭᠤᠶᠢᠯᠠᠩ ᠨᠢ ᠭᠤᠣᠯᠳᠠᠭᠤ ᠬᠠᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ ᠶᠢ ᠬᠠᠷᠢᠭᠤᠴᠠᠵᠤ᠂ ᠡᠮᠴᠢᠯᠡᠭᠡᠨ ᠤ ᠳᠤᠭᠤᠶᠢᠯᠠᠩ ᠨᠢ ᠰᠢᠯᠵᠢᠭᠦᠯᠦᠨ ᠵᠥᠭᠡᠭᠡᠪᠦᠷᠢᠯᠡᠬᠦ ᠪᠠ ᠡᠮᠴᠢᠯᠡᠭᠡᠨ ᠤ ᠪᠠᠲᠤᠯᠠᠭ᠎ᠠ ᠶᠢ ᠬᠠᠷᠢᠭᠤᠴᠠᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠡᠳ᠋ ᠪᠣᠳᠠᠰ ᠤᠨ ᠪᠠᠲᠤᠯᠠᠭ᠎ᠠ ᠶᠢ ᠬᠠᠷᠢᠭᠤᠴᠠᠨ᠎ᠠ᠃ ᠪᠢᠳᠡ ᠠᠪᠤᠷᠠᠨ ᠲᠤᠰᠠᠯᠠᠬᠤ ᠭᠢᠰᠬᠢᠭᠦᠷ᠂ AED ᠂ ᠠᠪᠤᠷᠠᠨ ᠲᠤᠰᠠᠯᠠᠬᠤ ᠴᠠᠭᠠᠷᠢᠭ᠂ ᠠᠪᠤᠷᠠᠯᠳᠠ ᠶᠢᠨ ᠬᠤᠪᠴᠠᠰᠤ ᠵᠡᠷᠭᠡ ᠡᠯ᠎ᠡ ᠵᠦᠢᠯ ᠤᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠠᠪᠴᠤ ᠶᠠᠪᠤᠪᠠ᠃ ᠡᠨᠡ ᠤᠳᠠᠭ᠎ᠠ ᠶᠢᠨ ᠰᠣᠷᠢᠯᠲᠠ ᠪᠠᠷ ᠲᠠᠮᠵᠢᠨ᠂ ᠪᠢᠳᠡ ᠭᠤᠣᠯᠳᠠᠭᠤ ᠮᠥᠰᠥᠨ ᠭᠠᠳᠠᠷᠭᠤ ᠶᠢ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠰᠢᠯᠭᠠᠨ ᠨᠤᠲᠠᠯᠠᠬᠤ ᠶᠢᠨ ᠬᠠᠮᠲᠤ᠂ ᠮᠥᠰᠥᠨ ᠳᠡᠭᠡᠷᠡᠬᠢ ᠠᠪᠤᠷᠠᠨ ᠲᠤᠰᠠᠯᠠᠬᠤ ᠮᠡᠷᠭᠡᠵᠢᠯ ᠪᠣᠯᠤᠨ ᠡᠯ᠎ᠡ ᠳᠤᠭᠤᠶᠢᠯᠠᠩ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠰᠢᠯᠭᠠᠨ ᠨᠤᠳᠠᠯᠠᠵᠤ᠂ ᠪᠣᠳᠠᠲᠠᠢ ᠠᠪᠤᠷᠠᠨ ᠲᠤᠰᠠᠯᠠᠬᠤ ᠳᠤᠮᠳᠠ ᠰᠠᠶᠢᠨ ᠰᠠᠶᠢᠬᠠᠨ ᠬᠠᠮᠵᠢᠯᠴᠠᠵᠤ᠂ ᠲᠦᠷᠭᠡᠨ ᠲᠤᠰᠬᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ》ᠭᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号