3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯ ᠠᠯᠳᠠᠯᠲᠠ ᠶᠢᠨ ᠳᠠᠭᠠᠳᠬᠠᠯ ᠤᠨ | ᠭᠠᠵᠠᠷ ᠤᠨ ᠳᠠᠷᠤᠭ᠎ᠠ ᠯᠢ ᠵᠢᠶᠠᠨ ᠰᠢᠨ᠂ ᠠᠵᠢᠯ ᠣᠯᠭᠤᠯᠲᠠ ᠶᠢ ᠠᠬᠢᠭᠤᠯᠬᠤ ᠭᠠᠵᠠᠷ ᠤᠨ ᠳᠠᠷᠤᠭ᠎ᠠ ᠵᠠᠩ ᠴᠢ | ᠦᠢᠯᠡᠴᠢᠯᠡᠭᠡᠨ ᠤ ᠠᠩᠭᠢ ᠪᠠᠶᠢᠭᠤᠯᠵᠤ᠂ ᠵᠢᠥ ᠶᠤᠸᠠᠨ ᠲᠣᠭᠤᠷᠢᠭ ᠲᠤ ᠭᠦᠨᠵᠡᠭᠡᠶᠢᠷᠡᠨ ᠠᠵᠢᠯ ᠣᠯᠭᠤᠯᠲᠠ ᠶᠢᠨ | ᠠᠵᠢᠯ ᠢ ᠪᠠᠶᠢᠴᠠᠭᠠᠨ ᠰᠤᠳᠤᠯᠵᠤ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠦᠨᠳᠦᠰᠦᠨ | ᠱᠠᠲᠤᠨ ᠳᠤ ᠦᠢᠯᠡᠴᠢᠯᠡᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ︾ ᠲᠠᠢ ᠴᠢᠩᠭ᠎ᠠ | ᠬᠠᠷᠢᠴᠠᠭᠤᠯᠤᠨ ᠬᠠᠮᠢᠶ᠎ᠠ ᠪᠥᠬᠦᠶ ᠠᠵᠢᠯ ᠢ ᠥᠷᠨᠢᠭᠦᠯᠪᠡ᠃ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠡᠷᠬᠢᠯᠡᠭᠴᠢ ᠳ᠋ᠦ᠋ ᠯᠢᠨ ᠴᠦᠨ᠂ ᠵᠢᠥ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢ ᠴᠧᠨ ᠸᠧᠶ ᠬᠢᠭᠡᠳ ᠬᠤᠲᠠ᠂ ᠲᠣᠭᠤᠷᠢᠭ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠤᠳᠤᠷᠢᠳᠤᠯᠭ᠎ᠠ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ | | | | ᠪᠠᠶᠢᠴᠠᠭᠠᠨ ᠰᠤᠳᠤᠯᠤᠯᠲᠠ ᠶᠢᠨ ᠡᠬᠢᠨ ᠳᠤ᠂ ᠦᠢᠯᠡᠴᠢᠯᠡᠭᠡᠨ ᠤ ᠠᠩᠭᠢ ᠶᠠᠷᠢᠯᠴᠠᠬᠤ ᠬᠤᠷᠠᠯ ᠬᠤᠷᠠᠯᠳᠤᠭᠤᠯᠵᠤ᠂ | ᠵᠢᠥ ᠶᠤᠸᠠᠨ ᠲᠣᠭᠤᠷᠢᠭ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ | ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠠᠴᠠ ᠲᠤᠭ᠎ᠠ ᠪᠠᠷᠢᠮᠲᠠ ᠶᠢᠨ ᠲᠤᠯᠭᠠᠭᠤᠷᠢᠯᠠᠯ᠂ ᠭᠤᠤᠯᠳᠠᠯᠭ᠎ᠠ ᠲᠠᠢ ᠬᠠᠮᠲᠤᠯᠢᠭ ᠢ ᠬᠠᠪᠰᠤᠷᠤᠨ | ᠲᠡᠳᠬᠦᠵᠦ ᠠᠵᠢᠯ ᠣᠯᠭᠤᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠬᠦᠷᠲᠡᠯ᠎ᠡ᠂ ᠳᠠᠬᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ ᠦᠢᠯᠡᠳᠦᠯᠭᠡ ᠶᠢᠨ ᠦᠷ᠎ᠡ ᠪᠦᠲᠦᠭᠡᠯ ᠢ ᠰᠢᠯᠢᠳᠡᠭᠵᠢᠭᠦᠯᠦᠨ᠎ᠡ᠃ | ᠶᠠᠷᠢᠯᠴᠠᠬᠤ ᠬᠤᠷᠠᠯ ᠳᠡᠭᠡᠷ᠎ᠡ᠂ ᠯᠢ ᠵᠢᠶᠠᠨ ᠰᠢᠨ ᠭᠠᠵᠠᠷ ᠤᠨ ᠳᠠᠷᠤᠭ᠎ᠠ ᠴᠢᠬᠤᠯᠠᠴᠢᠯᠠᠭᠰᠠᠨ ᠨᠢ᠂ ᠠᠵᠢᠯ | ᠣᠯᠭᠤᠯᠲᠠ ᠶᠢᠨ ᠪᠣᠳᠣᠯᠬᠢᠯᠠᠯ ᠢ ᠭᠦᠨᠵᠡᠭᠡᠶ ᠲᠥᠯᠥᠪᠯᠡᠵᠦ᠂ ᠠᠵᠢᠯ ᠣᠯᠭᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ | ᠪᠠᠶᠢᠯᠭᠠᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠬᠥᠳᠡᠯᠭᠡᠭᠡᠨ ᠢ ᠲᠦᠷᠭᠡᠨ ᠪᠠᠶᠢᠯᠭᠠᠵᠤ᠂ ᠡᠷᠬᠡᠪᠰᠢ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠬᠤᠲᠠ | ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢᠨ 5.5% ᠣᠷᠴᠢᠮ ᠪᠠᠶᠢᠯᠭᠠᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠬᠠᠷᠢᠭᠤ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ᠂ ᠦᠢᠯᠡᠴᠢᠯᠡᠭᠡᠨ ᠤ ᠠᠩᠭᠢ | ᠵᠣᠭᠰᠤᠭ᠎ᠠ ᠥᠬᠡᠶ ᠪᠠᠶᠢᠵᠤ᠂ ᠲᠡᠷᠡ ᠳᠠᠷᠤᠢ ᠳᠤᠨᠢ ᠬᠥᠨᠳᠡᠯᠡᠨ ᠵᠡᠭᠡᠯᠢ ᠬᠢᠭᠡᠳ ᠪᠠᠭᠰᠢ ᠶᠢᠨ ᠠᠵᠢᠯ ᠮᠡᠷᠭᠡᠵᠢᠯ ᠤᠨ | ᠪᠣᠯᠪᠠᠰᠤᠷᠠᠯ ᠤᠨ ᠰᠤᠷᠭᠠᠭᠤᠯᠢ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | | | | ᠴᠢᠨ ᠬᠠᠨ ᠰᠣᠶᠣᠯ ᠤᠨ ᠭᠦᠨ ᠵᠤᠵᠠᠭᠠᠨ ᠬᠥᠨᠳᠡᠯᠡᠨ ᠵᠡᠭᠡᠯᠢ ᠪᠠᠷ ᠥᠩᠭᠡᠷᠡᠨ᠂ ᠦᠢᠯᠡᠴᠢᠯᠡᠭᠡᠨ ᠤ ᠠᠩᠬᠢ | ᠬᠥᠨᠳᠡᠯᠡᠨ ᠭᠤᠤᠯᠳᠤ ᠵᠡᠭᠡᠯᠢ ᠶᠢᠨ ᠦᠢᠯᠡᠳᠬᠦᠨ ᠡᠳ᠋ᠰᠢᠭᠦᠯᠬᠦ ᠲᠥᠪ ᠲᠤ ᠬᠦᠷᠴᠦ᠂ ᠵᠢᠵᠢᠭ ᠬᠤᠳᠠᠯᠳᠤᠭᠠᠨ ᠤ | ᠬᠥᠭᠵᠢᠯ ᠴᠡᠴᠡᠭᠯᠡᠯ ᠲᠠᠶᠢᠴᠢᠯᠠᠬᠰᠠᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠨᠠᠷᠢᠨ ᠣᠶᠢᠯᠠᠭᠠᠵᠤ᠂ ᠯᠢ ᠵᠢᠶᠠᠨ ᠰᠢᠨ | ᠭᠠᠵᠠᠷ ᠤᠨ ᠳᠠᠷᠤᠭ᠎ᠠ ᠾᠧᠩ ᠯᠢ ᠵᠡᠭᠡᠯᠢ ᠶᠢᠨ ᠬᠤᠳᠠᠯᠳᠤᠭᠠᠨ ᠤ ᠡᠵᠡᠩᠨᠡᠯᠲᠡ ᠶᠢᠨ ᠪᠦᠯᠬᠦᠮ ᠤᠨ | ᠬᠠᠷᠢᠭᠤᠴᠠᠯᠭᠠᠲᠠᠨ ᠲᠠᠢ ᠬᠠᠮᠲᠤ ᠪᠠᠷ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠤᠢᠢᠷ᠎ᠠ ᠬᠠᠪᠢ ᠳᠠᠭᠠᠨ | ᠠᠵᠢᠯ ᠤᠯᠬᠤ ᠬᠦᠰᠡᠯ ᠡᠷᠡᠮᠡᠯᠵᠡᠯ ᠪᠣᠯᠤᠨ ᠬᠦᠴᠢᠷᠳᠡᠯ ᠢ ᠰᠤᠳᠤᠯᠤᠨ ᠶᠠᠷᠢᠯᠴᠠᠪᠠ᠃ ᠪᠠᠭᠰᠢ ᠶᠢᠨ ᠮᠡᠷᠭᠡᠵᠢᠯ ᠤᠨ | ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ ᠬᠦᠷᠴᠦ᠂ ᠪᠣᠳᠠᠲᠠᠶ ᠲᠠᠮᠢᠷ ᠤᠨ ᠬᠢᠴᠢᠶᠡᠯ ᠤᠨ ᠬᠡᠷ ᠲᠤ | ᠭᠦᠨᠵᠡᠭᠡᠶᠢᠷᠡᠨ᠂ ᠪᠣᠯᠪᠠᠰᠤᠷᠠᠭᠤᠯᠤᠯ ᠤᠨ ᠬᠢᠴᠢᠶᠡᠯ ᠤᠨ ᠲᠤᠬᠠᠶ ᠶᠢᠨ ᠲᠠᠯᠠᠪᠠᠶ ᠶᠢ ᠨᠠᠷᠢᠨ ᠨᠢᠮᠪᠠᠶ ᠲᠣᠭᠤᠷᠢᠨ | ᠦᠵᠡᠵᠦ᠂ ᠪᠣᠯᠪᠠᠰᠤᠷᠠᠭᠤᠯᠤᠯ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ | ᠬᠡᠮᠵᠢᠶ᠎ᠡ ᠶᠢ ᠯᠠᠪᠯᠠᠨ ᠠᠰᠠᠭᠤᠵᠤ᠂ ᠣᠯᠠᠨ ᠪᠥᠮᠡᠨ ᠬᠠᠮᠲᠤ ᠪᠠᠷ ᠪᠣᠯᠪᠠᠰᠤᠷᠠᠭᠤᠯᠤᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠠᠷᠭ᠎ᠠ ᠤᠬᠠᠭᠠᠨ ᠭᠠᠷᠭᠠᠪᠠ᠃ | | | | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠭᠤᠤᠯ ᠵᠣᠷᠢᠯᠭ᠎ᠠ ᠪᠣᠯ ︽ᠦᠨᠳᠦᠰᠦᠨ ᠱᠠᠲᠤᠨ ᠳᠤ | ᠭᠦᠨᠵᠡᠭᠡᠶᠢᠷᠡᠨ ᠲᠥᠷᠥ ᠶᠢᠨ ᠪᠣᠳᠣᠯᠭ᠎ᠠ ᠬᠦᠷᠭᠡᠬᠦ︾᠂ ᠳᠠᠷᠤᠶ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠢᠴᠡᠳ ᠣᠶᠢᠯᠠᠭᠠᠭᠰᠠᠨ ᠰᠠᠭᠤᠷᠢᠨ ᠳᠡᠭᠡᠷ᠎ᠡ᠂ | ᠲᠠᠷᠠᠭᠠᠴᠢ ᠶᠢᠨ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠣᠯᠭᠤᠯᠲᠠ ᠶᠢᠨ ︽ | ᠡᠵᠡᠩᠨᠡᠯᠲᠡ︾ ᠶᠢ ᠨᠡᠪᠲᠡᠷᠡᠭᠦᠯᠵᠦ᠂ ᠨᠠᠩ ᠪᠣᠳᠠᠲᠠᠶ ᠠᠵᠢᠯ ᠤᠨ ᠲᠥᠯᠥᠪᠯᠡᠭᠡ ᠲᠣᠭᠲᠠᠭᠠᠨ᠂ ᠵᠢᠥ ᠶᠤᠸᠠᠨ | ᠲᠣᠭᠤᠷᠢᠭ᠂ ᠪᠤᠭᠤᠲᠤ ᠬᠤᠲᠠ ᠴᠢᠨᠠᠭᠰᠢᠯᠠᠪᠠᠯ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠬᠡᠷᠡᠭᠲᠡᠶ᠃ | | | | | | | | |