︽2025 ᠣᠨ ᠤ ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/3/7
        ︽2025 ᠣᠨ ᠤ ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ        ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ        ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ        ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠳᠤ ᠄     ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽2025 ᠣᠨ ᠤ ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃         ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ        2025 ᠣᠨ ᠤ 3 ᠳ᠋ᠤᠭᠠᠷ ᠰᠠᠷ᠎ᠠ ᠶᠢᠨ 7 ᠤ ᠡᠳᠦᠷ          2025 ᠣᠨ ᠤ ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ        ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ     ᠪᠦᠬᠦ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠯᠭᠦᠨ ᠰᠡᠷᠭᠦᠭᠡᠬᠦ ᠶᠢ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾᠂ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠪᠣᠯᠤᠨ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠨᠤᠲᠤᠭ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠬᠥᠮᠦᠨ ᠢᠶᠠᠷ ᠦᠨᠳᠦᠰᠦ ᠪᠣᠯᠭᠠᠬᠤ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ ᠠᠮᠢ ᠠᠬᠤᠶ ᠶᠢ ᠬᠠᠮᠠᠭᠠᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠴᠢᠷᠳᠠᠭᠰᠠᠨ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠮᠠᠯ ᠠᠵᠤ ᠠᠬᠤᠶ ᠶᠢᠨ ᠰᠠᠶᠢᠨ ᠡᠭᠦᠯᠳᠡᠷ ᠤᠨ ᠰᠠᠶᠢᠨ ᠠᠷᠭ᠎ᠠ ᠶᠢ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠵᠤ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠥᠨᠳᠥᠷ ᠲᠦᠪᠰᠢᠨ ᠪᠥᠬᠦᠶ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃    2025 ᠣᠨ ᠤ ᠡᠴᠦᠰ ᠪᠣᠯᠬᠤ ᠳᠤ᠂ ᠪᠥᠬᠦ ᠲᠤᠭᠤᠷᠢᠭ ᠤᠨ 15.7 ᠲᠦᠮᠡᠨ ᠮᠦ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠯᠳᠠᠭᠤᠷ ᠮᠠᠯᠵᠢᠬᠤ ᠪᠠ ᠰᠥᠨᠢ ᠪᠠᠷ ᠮᠠᠯᠵᠢᠬᠤ ᠦᠵᠡᠭᠳᠡᠯ ᠭᠠᠷᠬᠤ ᠠᠴᠠ ᠵᠠᠶᠢᠯᠠᠰᠬᠢᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠳᠡᠰ ᠳᠡᠪᠰᠢᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃    ᠬᠤᠶᠠᠷ᠂ ᠬᠡᠷᠡᠭᠵᠢᠭᠦᠯᠬᠦ ᠬᠡᠪᠴᠢᠶ᠎ᠡ    ᠪᠥᠬᠦ ᠲᠤᠭᠤᠷᠢᠭ ᠤᠨ ᠬᠢᠯᠢ ᠳᠠᠬᠢ ᠬᠠᠮᠤᠭ ᠤᠨ ᠰᠢᠨ᠎ᠡ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠡᠪᠴᠢᠶ᠎ᠡ ᠪᠠᠷ ᠲᠣᠭᠲᠠᠭᠠᠪᠠ ᠂ ᠡᠭᠦᠨ ᠳᠠᠬᠢ ᠭᠤᠤᠯᠳᠠᠯᠭ᠎ᠠ ᠨᠢ ᠄    ︵ᠨᠢᠭᠡ︶ ᠠᠭᠠᠷᠤᠳᠠᠢ ᠰᠣᠮᠣᠨ ᠤ ᠠᠭᠠᠷᠤᠳᠠᠢ ᠭᠠᠴᠠᠭ᠎ᠠ᠂ ᠠᠭᠤᠢ ᠭᠤᠤ ᠭᠠᠴᠠᠭ᠎ᠠ᠂ ᠮᠡᠷᠭᠡᠨ ᠭᠠᠴᠠᠭᠠᠨ ᠤ ᠪᠦᠬᠦ ᠬᠡᠪᠴᠢᠶ᠎ᠡ ︔    ︵ᠬᠤᠶᠠᠷ︶ ᠬᠤᠷᠢᠨᠭᠡᠷ ᠪᠠᠯᠭᠠᠰᠤ᠂ ᠰᠠᠷᠠᠭᠤᠯ ᠵᠡᠭᠡᠯᠢ ᠭᠤᠳᠤᠮᠵᠢ ᠶᠢᠨ ᠬᠠᠳᠤᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠵᠠᠭᠠᠭ ᠲᠤ ︔    ︵ᠭᠤᠷᠪᠠ︶ ᠪᠠᠶᠢᠭᠠᠯᠢ ᠶᠢᠨ ᠣᠶ᠂ ᠣᠶ ᠰᠢᠭᠤᠶ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ ᠤ ᠵᠠᠭᠠᠭ ᠲᠤ ︔    ︵ᠲᠦᠷᠪᠡ︶ ᠱᠠ ᠾᠧ ᠵᠡᠭᠡᠯᠢ ᠭᠤᠳᠤᠮᠵᠢ᠂ ᠰᠠᠶᠢᠬᠠᠨ ᠵᠡᠭᠡᠯᠢ ᠭᠤᠳᠤᠮᠵᠢ᠂ ᠪᠠᠶᠠᠨᠰᠢᠯᠢ ᠵᠡᠭᠡᠯᠢ ᠭᠤᠳᠤᠮᠵᠢ ᠶᠢᠨ ᠬᠤᠳᠠ ᠶᠢᠨ ᠪᠠᠶᠢᠭᠤᠯᠤᠭᠰᠠᠨ ᠲᠣᠭᠤᠷᠢᠭ ᠲᠤ ︔    ︵ᠲᠠᠪᠤ︶ ᠮᠠ ᡂᠢ ᠪᠠᠯᠭᠠᠰᠤᠨ ᠤ ᠡᠮᠦᠨ᠎ᠡ ᠬᠤᠲᠠ ᠲᠤᠭᠤᠷᠢᠭᠰᠠᠨ ᠵᠠᠰᠠᠮᠠᠯ ᠵᠠᠮ ᠤᠨ ᠬᠤᠶᠢᠲᠤ ᠲᠠᠯ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠳᠤᠲᠤᠷᠠᠬᠢ ᠬᠤᠨᠢ᠂ ᠮᠣᠷᠢ᠂ ᠦᠬᠡᠷ ᠵᠡᠷᠭᠡ ᠡᠪᠡᠰᠦᠨ ᠲᠡᠵᠢᠭᠡᠯ ᠤᠨ ᠴᠢᠨᠠᠷᠲᠠᠶ ᠮᠠᠯ ᠤᠨᠤᠭ᠎ᠠ ᠶᠢ ᠬᠠᠰᠢᠶᠠᠯᠠᠨ ᠲᠡᠵᠢᠭᠡᠵᠦ ᠬᠤᠷᠣᠭᠠᠯᠠᠨ ᠮᠠᠯᠵᠢᠨ᠎ᠠ᠃    ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ    ᠭᠤᠤᠯ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠬᠤᠪᠢᠳᠠᠨ ᠬᠠᠮᠢᠶᠠᠷᠴᠤ ᠪᠥᠬᠦᠶ ᠲᠣᠭᠤᠷᠢᠭ ᠤᠨ ᠤᠳᠤᠷᠢᠳᠤᠯᠭ᠎ᠠ ᠬᠠᠷᠢᠭᠤᠴᠠᠵᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ᠵᠢᠦ ᠶᠤᠸᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠰᠬᠠᠶ ᠠᠩᠭᠢ ᠶᠢ ᠪᠠᠶᠢᠭᠤᠯᠤᠨ᠎ᠠ᠃ ᠠᠵᠢᠯ ᠤᠨ ᠲᠤᠰᠬᠠᠶ ᠠᠩᠭᠢ ᠶᠢ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠨᠢᠭᠡᠳᠦᠯᠲᠡᠶ ᠲᠥᠯᠥᠪᠯᠡᠨ ᠬᠠᠷᠢᠭᠤᠴᠠᠨ᠎ᠠ᠃    ᠳᠥᠷᠪᠡ᠂ ᠭᠤᠤᠯᠳᠠᠯᠭ᠎ᠠ ᠲᠠᠢ ᠡᠭᠦᠷᠭᠡ    ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ    ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠭᠤᠷᠢᠭ ᠲᠤ ᠮᠠᠯᠵᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠷᠢᠭᠤᠴᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠠ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ ᠤᠳᠤᠷᠢᠳᠤᠯᠭ᠎ᠠ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠠᠶᠢᠵᠤ ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯ ᠰᠢᠭᠤᠳ ᠬᠠᠷᠢᠭᠤᠴᠠᠯᠭᠠᠲᠠᠨ ᠪᠣᠯᠣᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠬᠤ ᠬᠢᠭᠡᠳ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠬᠤᠯᠪᠣᠭᠳᠠᠭᠤᠯᠬᠤ ᠶᠢ ᠲᠦᠯᠬᠢᠨ ᠠᠬᠢᠭᠤᠯᠵᠤ᠂ ᠱᠠᠩᠨᠠᠵᠤ ᠲᠣᠷᠭᠠᠬᠤ ᠶᠢ ᠲᠣᠳᠣᠷᠬᠠᠶ᠂ ᠬᠠᠷᠢᠭᠤᠴᠠᠯᠭ᠎ᠠ ᠡᠷᠬᠡ ᠶᠢ ᠲᠡᠩᠴᠡᠭᠦᠦ ᠪᠠᠶᠢᠯᠭᠠᠵᠤ᠂ ᠴᠠᠭᠠᠵᠠᠯᠠᠵᠤ ᠪᠠᠶᠢᠭ᠎ᠠ ᠮᠠᠯᠵᠢᠬᠤ ᠣᠷᠣᠨ ᠳᠤ 2 ᠤᠳᠠᠭ᠎ᠠ ᠠᠴᠠ ᠳᠡᠭᠡᠭᠰᠢ ᠮᠠᠯᠵᠢᠬᠤ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠴᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ ᠄ ᠲᠤᠭᠤᠷᠢᠭ ᠤᠨ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠬᠤᠶᠠᠷ︶ ᠨᠤᠲᠤᠭ ᠪᠡᠯᠴᠢᠭᠡᠷ ᠤᠨ ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ  ᠴᠢᠩᠭᠠᠷᠠᠭᠤᠯᠤᠨ᠎ᠠ    15 ᠲᠦᠮᠡᠨ ᠮᠦ ᠪᠦᠷᠢ ᠶᠢᠨ ᠨᠤᠲᠤᠭ ᠪᠡᠯᠴᠢᠭᠡᠷ 1 ᠨᠡᠷᠡᠰ ᠪᠠᠷᠢᠮᠵᠢᠶ᠎ᠠ ᠶᠣᠰᠣᠭᠠᠷ᠂ ᠨᠤᠲᠤᠭ ᠪᠡᠯᠴᠢᠭᠡᠷ ᠤᠨ ᠲᠣᠣᠷᠵᠢᠯ ᠤᠨ ᠬᠠᠮᠢᠶᠠᠷᠤᠭᠴᠢ ᠶᠢ ᠪᠦᠷᠢᠨ ᠭᠦᠢᠴᠡᠳ ᠲᠣᠬᠢᠷᠠᠭᠤᠯᠵᠤ᠂ ᠲᠣᠣᠷᠵᠢᠯ ᠤᠨ ᠠᠵᠢᠯᠳᠠᠨ ᠢ ᠵᠢᠯᠣᠭᠤᠳᠤᠨ ᠱᠠᠯᠠᠪᠳᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠶᠢ ᠨᠢ ᠢᠳᠡᠪᠬᠢᠲᠡᠶ ᠭᠦᠢᠴᠡᠳᠬᠡᠯᠭᠡᠨ᠂ ᠡᠳᠦᠷ ᠲᠤᠳᠤᠮ ᠤᠨ ᠲᠣᠭᠤᠷᠢᠨ ᠬᠠᠮᠠᠭᠠᠯᠠᠯᠲᠠ ᠪᠠᠨ ᠴᠢᠩᠭᠠᠷᠠᠭᠤᠯᠵᠤ ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠂ ᠪᠠᠶᠢᠳᠠᠯ ᠢ ᠮᠡᠳᠡᠭᠡᠳ ᠮᠡᠳᠡᠭᠦᠯᠬᠦ ᠥᠬᠡᠶ᠂ ᠲᠤᠰᠢᠶᠠᠯ ᠳᠤ ᠪᠠᠨ ᠣᠰᠣᠯᠳᠠᠪᠠᠯ ᠴᠠᠭ ᠲᠤᠬᠠᠶ ᠳᠤ ᠨᠢ ᠢᠯᠭᠠᠷᠠᠭᠤᠯᠤᠨ ᠪᠤᠴᠠᠭᠠᠨ᠎ᠠ᠃ ᠨᠥᠬᠦᠴᠡᠯ ᠲᠠᠢ ᠭᠠᠵᠠᠷ ᠣᠷᠣᠨ ᠨᠢ ᠵᠢᠯᠣᠭᠤᠴᠢ ᠦᠭᠡᠢ ᠮᠠᠰᠢᠨ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠢ ᠠᠰᠢᠭᠯᠠᠨ᠂ ᠪᠦᠬᠦᠯᠢ ᠡᠳᠦᠷ ᠢᠶᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠰᠡᠵᠢᠭ ᠲᠠᠢ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤ ᠨᠢ ᠲᠤᠬᠠᠢ ᠶᠢᠨ ᠲᠠᠯᠠᠪᠤᠷ ᠲᠤ ᠨᠢ ᠬᠠᠷᠭᠤᠭᠤᠯᠤᠨ ᠪᠠᠶᠢᠴᠠᠭᠠᠵᠤ ᠭᠡᠷᠡᠴᠢ ᠠᠪᠬᠤ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠬᠡᠨ᠎ᠡ᠃ ︵ᠬᠠᠷᠢᠭᠤᠴᠠᠯᠭᠠᠲᠤ ᠨᠢᠭᠡᠴᠢ ᠄ ᠲᠤᠭᠤᠷᠢᠭ ᠤᠨ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠭᠤᠷᠪᠠ︶ ᠳᠠᠯᠳᠠᠭᠤᠷ ᠮᠠᠯᠵᠢᠵᠤ ᠰᠦᠨᠢ ᠪᠠᠷ ᠮᠠᠯᠵᠢᠬᠤ ᠶᠢ ᠰᠢᠢᠳᠭᠡᠬᠦ ᠡᠷᠴᠢᠮ ᠢ ᠴᠢᠩᠭᠠᠷᠠᠭᠤᠯᠤᠨ᠎ᠠ    ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠳᠤ ᠮᠠᠯᠵᠢᠪᠠᠯ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠭᠰᠣᠭᠠᠵᠤ᠂ ᠰᠡᠷᠡᠮᠵᠢ ᠥᠭᠴᠦ᠂ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠢ ᠦᠨᠳᠦᠰᠦᠯᠡᠨ ᠨᠢᠭᠡ ᠬᠤᠨᠢᠨ ᠤ ᠨᠢᠭᠡᠴᠢ ᠶᠢ 120 ᠲᠥᠭᠦᠷᠢᠭ ᠢᠶᠠᠷ ᠲᠣᠷᠭᠠᠨ᠎ᠠ ᠂ ᠨᠢᠭᠡ ᠬᠤᠨᠢ ᠶᠢ ᠨᠢᠭᠡ ᠬᠤᠨᠢᠨ ᠤ ᠨᠢᠭᠡᠴᠢ ᠲᠠᠢ ᠲᠡᠩᠴᠡᠭᠦᠯᠵᠦ᠂ ᠨᠢᠭᠡ ᠦᠬᠡᠷ ᠢ ᠲᠠᠪᠤᠨ ᠬᠤᠨᠢᠨ ᠤ ᠨᠢᠭᠡᠴᠢ ᠲᠠᠢ ᠲᠡᠩᠴᠡᠭᠦᠯᠵᠦ ᠂ ᠨᠢᠭᠡ ᠡᠯᠵᠢᠭᠡ ᠶᠢ ᠭᠤᠷᠪᠠᠨ ᠬᠤᠨᠢᠨ ᠤ ᠨᠢᠭᠡᠴᠢ ᠲᠠᠢ ᠲᠡᠩᠴᠡᠭᠦᠯᠵᠦ ᠂ ᠨᠢᠭᠡ ᠯᠠᠭᠤᠰᠠ ᠶᠢ ᠲᠠᠪᠤᠨ ᠬᠤᠨᠢᠨ ᠤ ᠨᠢᠭᠡᠴᠢ ᠲᠠᠢ ᠲᠡᠩᠴᠡᠭᠦᠯᠵᠦ ᠂ ᠨᠢᠭᠡ ᠲᠡᠮᠡᠭᠡ ᠶᠢ ᠳᠣᠯᠣᠭᠠᠨ ᠬᠤᠨᠢᠨ ᠤ ᠨᠢᠭᠡᠴᠢ ᠲᠠᠢ ᠲᠡᠩᠴᠡᠭᠦᠯᠦᠨ᠎ᠡ᠃ ᠮᠠᠯ ᠪᠡᠯᠴᠢᠭᠡᠷᠯᠡᠭᠦᠯᠬᠦ ᠠᠴᠠ ᠪᠣᠯᠵᠤ ᠣᠶ ᠮᠣᠳᠣᠨ ᠤ ᠡᠬᠢ ᠪᠠᠶᠠᠯᠢᠭ ᠢ ᠡᠪᠳᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠨ᠎ᠡ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠠᠷᠠᠳ ᠢᠷᠭᠡᠳ ᠴᠥᠮ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠬᠦ ᠡᠷᠬᠡ ᠲᠠᠢ᠃ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠠᠷᠠᠳ ᠢᠷᠭᠡᠳ ᠤᠨ ᠨᠢᠭᠤᠴᠠ ᠶᠢ ᠬᠠᠮᠠᠭᠠᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠲᠦᠷᠪᠡ︶ ᠤᠬᠠᠭᠤᠯᠭ᠎ᠠ ᠬᠦᠮᠦᠵᠢᠯ ᠢ ᠴᠢᠩᠭᠠᠳᠬᠠᠨ᠎ᠠ    ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠭᠤᠷᠢᠭ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠮᠳᠡᠭ ᠪᠠ ᠬᠢᠯᠢ ᠶᠢᠨ ᠪᠠᠭᠠᠨ᠎ᠠ ᠵᠡᠷᠭᠡ ᠪᠡᠯᠡᠳᠬᠡᠮᠵᠢ ᠶᠢ ᠪᠣᠰᠬᠠᠵᠤ ᠂ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠨᠡᠶᠢᠲᠡᠯᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠤᠬᠠᠭᠤᠯᠭ᠎ᠠ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠶᠢᠨ ᠬᠡᠪᠴᠢᠶᠡᠨ ᠳᠤ ᠣᠷᠣᠭᠤᠯᠵᠤ᠂ ᠪᠦᠲᠦᠮᠵᠢᠲᠡᠶ ᠬᠡᠯᠪᠡᠷᠢ ᠶᠢ ᠠᠪᠴᠤ ᠪᠠᠶᠢᠭᠠᠳ ᠭᠦᠨᠵᠡᠭᠡᠶ ᠪᠥᠭᠡᠳ ᠨᠠᠷᠢᠨ ᠨᠢᠮᠪᠠᠶ ᠤᠬᠠᠭᠤᠯᠤᠨ ᠳᠠᠶᠢᠴᠢᠯᠠᠬᠤ ᠠᠵᠢᠯ ᠢ ᠥᠷᠨᠢᠭᠦᠯᠬᠦ ᠬᠡᠷᠡᠭᠲᠡᠶ᠃ ᠪᠦᠬᠦ ᠲᠤᠭᠤᠷᠢᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠳᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠴᠢᠬᠤᠯᠠ ᠪᠠᠶᠢᠷᠢ ᠰᠠᠭᠤᠷᠢ ᠪᠣᠯᠤᠨ ᠦᠢᠯᠡᠳᠦᠯ ᠢ ᠶᠡᠭᠡ ᠪᠠᠷ ᠤᠬᠠᠭᠤᠯᠬᠤ ᠬᠡᠷᠡᠭᠲᠡᠶ᠃ ᠪᠦᠬᠦ ᠨᠡᠶᠢᠭᠡᠮ ᠳᠤ ᠥᠷᠭᠡᠨ ᠢᠶᠠᠷ ᠤᠬᠠᠭᠤᠯᠬᠤ ᠶᠢᠨ ᠬᠠᠮᠲᠤ ᠭᠤᠣᠯᠳᠠᠭᠤ ᠥᠷᠭᠡᠨ ᠣᠯᠠᠨ ᠮᠠᠯᠴᠢᠳ ᠲᠠᠷᠢᠶᠠᠴᠢᠳ ᠲᠤ ᠤᠬᠠᠭᠤᠯᠵᠤ᠂ ᠮᠠᠯᠴᠢᠳ ᠲᠠᠷᠢᠶᠠᠴᠢᠳ ᠢ ᠰᠡᠩᠬᠡᠷᠡᠭᠦᠯᠬᠦ ᠪᠠ ᠬᠥᠲᠥᠯᠥᠨ ᠳᠠᠭᠠᠭᠤᠯᠵᠤ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠲᠠᠪᠤ︶ ᠲᠠᠷᠢᠮᠠᠯ ᠲᠡᠵᠢᠭᠡᠯ ᠡᠪᠡᠰᠦᠨ ᠤ ᠦᠢᠯᠡᠳᠪᠦᠷᠢᠯᠡᠯ ᠢ ᠡᠷᠴᠢᠮᠵᠢᠭᠦᠯᠦᠨ᠎ᠡ    ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠬᠡᠷᠡᠭᠵᠢᠭᠦᠯᠵᠦ᠂ ᠪᠦᠬᠦ ᠰᠠᠭᠤᠷᠢ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ 5 ᠲᠦᠮᠡᠨ ᠮᠦ ᠬᠥᠭᠵᠢᠭᠦᠯᠵᠦ᠂ ᠡᠷᠳᠡᠨᠢ ᠰᠢᠰᠢ ᠶᠢᠨ ᠡᠰᠢ ᠰᠦᠷᠡᠯ ᠵᠡᠷᠭᠡ ᠠᠮᠤ ᠪᠤᠳᠠᠭᠠᠨ ᠤ ᠪᠤᠰᠤ ᠲᠡᠵᠢᠭᠡᠯ ᠪᠣᠷᠳᠣᠭᠠᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠵᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠡᠪᠡᠰᠦ ᠪᠣᠷᠳᠤᠭ᠎ᠠ 10 ᠲᠦᠮᠡᠨ ᠲᠣᠨ ᠠᠴᠠ ᠳᠡᠭᠡᠭᠰᠢ ᠬᠠᠳᠠᠭᠠᠯᠠᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠵᠢᠷᠭᠤᠭ᠎ᠠ︶ ᠬᠠᠰᠢᠶᠠᠯᠠᠨ ᠲᠡᠵᠢᠭᠡᠬᠦ ᠶᠢ ᠠᠬᠢᠭᠤᠯᠤᠨ᠎ᠠ    ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠥᠪᠡᠷ ᠢᠶᠠᠨ ᠪᠠᠶᠢᠭᠤᠯᠬᠤ᠂ ᠲᠥᠷᠥᠯ ᠵᠦᠢᠯ ᠢᠶᠠᠷ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠫᠧᠩ ᠰᠠᠷᠠᠪᠴᠢ ᠪᠠᠶᠢᠭᠤᠯᠬᠤ ᠠᠵᠢᠯ ᠢ ᠥᠷᠨᠢᠭᠦᠯᠵᠦ᠂ ᠪᠡᠯᠡᠳᠬᠡᠮᠵᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠥᠪᠡᠷ ᠢᠶᠠᠨ ᠨᠠᠶᠢᠷᠠᠭᠤᠯᠤᠭᠰᠠᠨ ᠮᠠᠲ᠋ᠧᠷᠢᠶᠠᠯ ᠢ ᠳᠡᠯᠭᠡᠷᠡᠭᠦᠯᠬᠦ ᠪᠠ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢ ᠴᠢᠩᠭᠠᠳᠬᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠥᠮᠦᠨ ᠮᠠᠯ ᠢ ᠰᠠᠯᠭᠠᠬᠤ᠂ ᠲᠥᠪᠯᠡᠷᠡᠭᠦᠯᠦᠨ ᠪᠦᠲᠦᠭᠡᠨ ᠪᠠᠶᠢᠭᠤᠯᠬᠤ᠂ ᠣᠶᠤᠨᠴᠢ ᠲᠡᠵᠢᠭᠡᠨ ᠦᠷᠡᠵᠢᠭᠦᠯᠬᠦ ᠵᠠᠷᠴᠢᠮ ᠶᠣᠰᠣᠭᠠᠷ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ᠂ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ᠂ ᠮᠠᠯᠵᠢᠬᠤ ᠡᠷᠦᠬᠡ ᠶᠢᠨ ᠥᠪᠡᠷᠲᠡᠭᠡᠨ ᠪᠡᠯᠡ ᠮᠥᠩᠭᠦ ᠴᠤᠭᠯᠠᠭᠤᠯᠵᠤ᠂ ᠬᠠᠰᠢᠶᠠᠯᠠᠨ ᠲᠡᠵᠢᠭᠡᠵᠦ ᠮᠠᠯᠵᠢᠬᠤ ᠶᠢ ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠳᠤᠯᠤᠭ᠎ᠠ︶ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ    ᠲᠠᠷᠢᠶᠠᠯᠠᠩ ᠤᠨ ᠮᠠᠰᠢᠨ᠂ ᠮᠠᠯ ᠤᠨ ᠡᠮᠨᠡᠯᠭᠡ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠦᠷᠢᠶ᠎ᠡ ᠶᠢ ᠲᠡᠵᠢᠭᠡᠨ ᠦᠷᠡᠵᠢᠭᠦᠯᠬᠦ᠂ ᠬᠢᠵᠢᠭ ᠰᠡᠷᠭᠡᠶᠢᠯᠡᠬᠦ ᠵᠡᠷᠭᠡ ᠵᠠᠩᠭᠢᠯᠠᠭ᠎ᠠ ᠠᠴᠠ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠬᠦ᠂ ᠮᠠᠯ ᠤᠨ ᠠᠰᠢᠭ ᠰᠢᠮ᠎ᠡ ᠴᠤᠭᠯᠠᠭᠤᠯᠬᠤ᠂ ᠬᠥᠮᠥᠷᠭᠡᠯᠡᠨ ᠬᠠᠳᠠᠭᠠᠯᠠᠬᠤ ᠬᠦᠢᠲᠡᠨ ᠢᠶᠠᠷ ᠬᠠᠳᠠᠭᠠᠯᠠᠬᠤ ᠵᠡᠷᠭᠡ ᠭᠤᠭᠴᠤᠭ᠎ᠠ ᠲᠡᠶᠢᠰᠢ ᠥᠷᠭᠡᠳᠬᠡᠵᠦ᠂ ᠴᠢᠳᠠᠮᠵᠢ ᠪᠠᠷ ᠪᠦᠷᠢᠨ᠂ ᠲᠣᠭᠲᠠᠴᠠ ᠰᠢᠨ᠎ᠡ᠂ ᠪᠦᠷᠬᠦᠴᠡ ᠥᠷᠭᠡᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠨᠠᠢᠮᠠ︶ ᠡᠰᠢ ᠰᠦᠷᠡᠯ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠷᠠᠭᠤᠯᠤᠨ᠎ᠠ    ᠲᠠᠷᠢᠶᠠᠯᠠᠬᠤ ᠣᠷᠣᠨ ᠤ ᠲᠠᠷᠢᠮᠠᠯ ᠤᠨ ᠡᠰᠢ ᠰᠦᠷᠡᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠬᠥᠲᠥᠴᠢ ᠠᠵᠤ ᠠᠬᠤᠶᠢᠯᠠᠯ ︵ᠬᠤᠷᠰᠢᠶᠠᠵᠢᠯ ︶ ᠳᠤ ᠲᠦᠰᠢᠭᠯᠡᠨ ᠡᠰᠢ ᠰᠦᠷᠡᠯ ᠢ ᠬᠤᠳᠠᠯᠳᠤᠨ ᠠᠪᠴᠤ ᠨᠥᠭᠡᠴᠡᠯᠡᠬᠦ᠂ ᠢᠯᠭᠠᠨ ᠰᠣᠩᠭᠤᠵᠤ ᠡᠳ᠋ᠰᠢᠭᠦᠯᠬᠦ ᠲᠥᠪ ᠪᠠᠶᠢᠭᠤᠯᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠡᠰᠢ ᠰᠦᠷᠡᠯ ᠢ ᠬᠤᠳᠠᠯᠳᠤᠨ ᠠᠪᠬᠤ ᠥᠷᠲᠡᠭᠡ ᠴᠡᠭ ᠢ ᠪᠥᠲᠥᠭᠡᠨ ᠪᠠᠶᠢᠭᠤᠯᠵᠤ᠂ ︽ᠨᠢᠭᠡ ᠴᠡᠭ ᠠᠴᠠ ᠣᠯᠠᠨ ᠢᠷᠡᠯᠲᠡ ᠲᠠᠢ᠂ ᠣᠯᠠᠨ ᠴᠡᠭ ᠠᠴᠠ ᠣᠯᠠᠨ ᠢᠷᠡᠯᠲᠡ ᠲᠠᠢ︾ ᠪᠠᠶᠢᠬᠤ ᠡᠰᠢ ᠰᠦᠷᠡᠯ ᠢ ᠪᠣᠯᠪᠠᠰᠤᠷᠠᠭᠤᠯᠤᠨ ᠬᠠᠳᠠᠭᠠᠯᠠᠬᠤ ᠲᠣᠭᠲᠠᠴᠠ ᠶᠢ ᠪᠣᠶ ᠪᠣᠯᠭᠠᠨ᠎ᠠ᠃ ᠠᠮᠢᠳᠤ ᠪᠣᠳᠠᠰ ᠤᠨ ᠢᠰᠬᠡᠬᠦ ᠮᠡᠷᠭᠡᠵᠢᠯ ᠪᠠ ᠡᠰᠢ ᠰᠦᠷᠡᠯ ᠢ ᠳᠠᠷᠤᠰᠢᠭᠤᠯᠬᠤ᠂ ᠰᠢᠷ᠎ᠠ ᠤᠰᠤ ᠶᠢ ᠳᠠᠷᠤᠰᠢᠭᠤᠯᠬᠤ᠂ ᠪᠣᠭᠤᠳᠠᠯᠯᠠᠵᠤ ᠬᠠᠳᠠᠭᠠᠯᠠᠬᠤ᠂ ᠥᠨᠳᠥᠷ ᠨᠢᠭᠲᠠᠴᠠ ᠲᠠᠢ ᠡᠪᠡᠰᠦ ᠶᠢ ᠪᠣᠭᠤᠵᠢᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠡᠰᠢ ᠰᠦᠷᠡᠯ ᠤᠨ ᠪᠣᠷᠳᠤᠭ᠎ᠠ ᠶᠢ ᠤᠯᠠᠷᠢᠭᠤᠯᠤᠨ ᠠᠰᠢᠭᠯᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠶᠢᠰᠦ︶ ᠰᠢᠯᠢᠳᠡᠭ ᠦᠷ᠎ᠡ ᠡᠬᠦᠯᠳᠡᠷ ᠢ ᠰᠤᠩᠭᠤᠨ ᠪᠤᠶᠢᠵᠢᠭᠤᠯᠬᠤ ᠠᠵᠢᠯ ᠢ ᠴᠢᠩᠭᠠᠳᠬᠠᠨ᠎ᠠ    ᠦᠬᠡᠷ ᠬᠤᠨᠢᠨ ᠤ ᠤᠳᠤᠮᠰᠢᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠠᠭᠠᠯᠢ ᠶᠢᠨ ᠦᠨᠢᠶᠡᠨ ᠤ ᠦᠷ᠎ᠡ ᠡᠭᠦᠯᠳᠡᠷ ᠰᠠᠶᠢᠵᠢᠷᠠᠭᠤᠯᠬᠤ ᠭᠤᠤᠯ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠰᠢᠯᠢᠳᠡᠭ ᠦᠷ᠎ᠡ ᠡᠭᠦᠯᠳᠡᠷ ᠢ ᠳᠡᠯᠭᠡᠷᠡᠭᠦᠯᠬᠦ ᠲᠣᠭᠲᠠᠯᠴᠠᠭ᠎ᠠ ᠶᠢ ᠪᠦᠷᠢᠨᠰᠢᠬᠦᠯᠦᠨ᠂ ᠠᠯᠠᠰᠢᠨ ᠦᠬᠡᠷ ᠠᠯᠠᠰᠢᠨ ᠬᠤᠨᠢᠨ ᠤ ᠰᠢᠯᠢᠳᠡᠭ ᠦᠷ᠎ᠡ ᠡᠭᠦᠯᠳᠡᠷ ᠢ ᠳᠡᠯᠭᠡᠷᠡᠭᠦᠯᠬᠦ ᠶᠢ ᠲᠦᠷᠭᠡᠳᠬᠡᠵᠦ᠂ ᠣᠷᠣᠨ ᠨᠤᠲᠤᠭ ᠤᠨ ᠦᠷ᠎ᠡ ᠡᠭᠦᠯᠳᠡᠷ ᠢ ᠴᠡᠪᠡᠷᠰᠢᠭᠦᠯᠦᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠣᠷᠣᠨ ᠨᠤᠲᠤᠭ ᠤᠨ ᠦᠷ᠎ᠡ ᠡᠭᠦᠯᠳᠡᠷ ᠤᠨ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠬᠤᠸᠠ ᠰᠢ ᠦᠬᠡᠷ ᠵᠡᠷᠭᠡ ᠰᠢᠯᠢᠳᠡᠭ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︔ ᠬᠠᠮᠵᠢᠯᠴᠠᠬᠤ ᠨᠢᠭᠡᠴᠢ ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ︶    ︵ᠠᠷᠪᠠ︶ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ    ᠣᠶ ᠰᠢᠭᠤᠶ ᠶᠢᠨ ᠳᠠᠷᠤᠭ᠎ᠠ᠂ ᠳᠡᠳ᠋ ᠣᠶ ᠰᠢᠭᠤᠢ ᠶᠢᠨ ᠳᠠᠷᠤᠭ᠎ᠠ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ ᠬᠢᠨ᠎ᠡ︔ ᠲᠤᠭᠤᠷᠢᠭ ᠤᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠨᠢ ᠲᠣᠭᠤᠷᠢᠭ ᠤᠨ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠢᠯ ᠪᠦᠷᠢ ᠠᠳᠠᠭ ᠲᠤ ᠪᠠᠨ ᠬᠤᠶᠠᠷ ᠤᠳᠠᠭ᠎ᠠ ᠬᠠᠮᠲᠤᠷᠠᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ︔ ᠵᠢᠦ ᠶᠤᠸᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠰᠬᠠᠶ ᠠᠩᠭᠢ ᠳᠤ ᠬᠡᠪᠰᠢᠭᠦᠯᠦᠨ ᠱᠠᠯᠠᠪᠳᠠᠭᠤᠯᠤᠨ ᠪᠠᠶᠢᠴᠠᠭᠠᠬᠤ ᠶᠢ ᠬᠡᠷᠡᠭᠵᠢᠭᠦᠯᠵᠦ᠂ ᠤᠯᠠᠷᠢᠯ ᠪᠦᠷᠢ ᠠᠳᠠᠭ ᠲᠤ ᠪᠠᠨ ᠨᠢᠭᠡ ᠤᠳᠠᠭ᠎ᠠ ᠱᠠᠯᠠᠪᠳᠠᠭᠤᠯᠤᠨ ᠪᠠᠶᠢᠴᠠᠭᠠᠨ᠎ᠠ᠃ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠠᠵᠠᠷ ᠣᠷᠣᠨ ᠤ ᠨᠢᠭᠡᠴᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠢᠨᠠᠨ ᠰᠢᠯᠭᠠᠬᠤ ᠶᠢᠨ ᠬᠠᠮᠲᠤ ᠭᠠᠵᠠᠷ ᠣᠷᠣᠨ ᠤ ᠵᠢᠯ ᠤᠨ ᠰᠡᠭᠦᠯᠴᠢ ᠶᠢᠨ ᠬᠢᠨᠠᠨ ᠰᠢᠯᠭᠠᠬᠤ ᠲᠠᠢ ᠬᠤᠯᠪᠣᠭᠳᠠᠭᠤᠯᠤᠨ᠎ᠠ᠃ ᠲᠣᠭᠤᠷᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠢ ᠵᠠᠷᠯᠠᠨ ᠮᠡᠳᠡᠭᠳᠡᠨ᠎ᠡ ᠃ ︵ᠬᠠᠷᠢᠭᠤᠴᠠᠯᠭᠠᠲᠤ ᠨᠢᠭᠡᠴᠢ ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ ︔ ᠬᠠᠮᠵᠢᠯᠴᠠᠬᠤ ᠨᠢᠭᠡᠴᠢ ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︶    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠᠵᠢᠦ ᠶᠤᠸᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠭᠡᠰᠢᠭᠦᠳ ᠨᠢ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠪᠠᠷ ᠪᠦᠷᠢᠯᠳᠦᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠴᠢᠬᠤᠯᠠ ᠪᠥᠬᠦᠶ ᠬᠥᠮᠦᠨ ᠤ ᠬᠦᠴᠦᠨ᠂ ᠪᠣᠳᠠᠰ ᠤᠨ ᠬᠦᠴᠦᠨ ᠪᠠ ᠡᠳ᠋ ᠤᠨ ᠬᠦᠴᠦᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ ᠨᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠭᠤᠤᠯ ᠬᠠᠷᠢᠭᠤᠴᠠᠯᠭᠠᠲᠠᠨ ᠢᠶᠠᠷ ᠲᠦᠷᠦᠭᠦᠯᠡᠭᠦᠯᠦᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠳᠠᠶᠢᠴᠢᠯᠠᠨ ᠪᠠᠶᠢᠷᠢᠯᠠᠭᠤᠯᠬᠤ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠲᠤᠳᠤᠷᠬᠠᠶᠢᠯᠠᠨ᠎ᠠ ᠃    ︵ᠬᠤᠶᠠᠷ︶ ᠨᠦᠬᠦᠪᠦᠷᠢ ᠥᠭᠬᠦ ᠲᠣᠭᠲᠠᠴᠠ ᠶᠢ ᠪᠠᠶᠢᠭᠤᠯᠤᠨ᠎ᠠ    ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ ᠠᠬᠤᠶ ᠶᠢᠨ ᠨᠥᠬᠦᠪᠥᠷᠢ ᠶᠢᠨ ᠪᠠᠯᠠ ᠮᠥᠩᠭᠦ ᠪᠠ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠶᠢ ᠲᠣᠰ ᠱᠠᠲᠤᠨ ᠤ ᠲᠥᠰᠦᠪ ᠲᠤ ᠪᠠᠨ ᠣᠷᠣᠭᠤᠯᠵᠤ᠂ ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠱᠠᠩᠨᠠᠵᠤ ᠨᠥᠬᠦᠪᠥᠷᠢᠯᠡᠬᠦ ᠲᠠᠢ ᠬᠤᠯᠪᠣᠭᠳᠠᠬᠤ ᠲᠠᠯᠠᠪᠠᠶ 32.87 ᠲᠦᠮᠡᠨ ᠮᠥ ᠪᠣᠢ ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ ᠠᠬᠤᠶ ᠶᠢᠨ ᠨᠥᠬᠦᠪᠥᠷᠢ ᠶᠢᠨ ᠪᠠᠯᠠ ᠮᠥᠩᠭᠦ ᠪᠠ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠶᠢᠨ ᠪᠣᠳᠠᠲᠠᠶ ᠬᠠᠮᠢᠶᠠᠷᠴᠤ ᠬᠡᠷᠡᠭᠯᠡᠬᠦ ᠠᠷᠭ᠎ᠠ ᠶᠢ ᠲᠤᠭᠤᠷᠢᠭ ᠤᠨ ᠵᠠᠰᠠᠭ ᠤᠨ ᠣᠷᠳᠣᠨ ᠠᠴᠠ ᠠᠰᠲᠠᠭᠠᠨ ᠲᠣᠭᠲᠠᠭᠠᠬᠤ ᠶᠢᠨ ᠬᠠᠮᠲᠤ ᠵᠣᠬᠢᠬᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠨ᠎ᠡ᠃    ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ    ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤ ᠨᠢ ᠮᠡᠳᠡᠭᠦᠯᠵᠦ ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ ᠃ ᠬᠠᠷᠢᠶᠠᠲᠤ ᠣᠷᠣᠨ ᠳᠤ ᠪᠦᠬᠦ ᠵᠢᠯ ᠳᠤ ᠨᠡᠶᠢᠲᠡ 10 ᠤᠳᠠᠭ᠎ᠠ ᠠᠴᠠ ᠳᠡᠭᠡᠭᠰᠢ ︵10 ᠤᠳᠠᠭ᠎ᠠ ᠶᠢ ᠪᠠᠭᠲᠠᠭᠠᠨ᠎ᠠ ︶ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ ᠲᠠᠢ ᠭᠠᠵᠠᠷ ᠣᠷᠣᠨ ᠂ ᠮᠠᠯ ᠤᠨ ᠣᠶ ᠰᠢᠭᠤᠶ ᠶᠢ ᠬᠤᠬᠢᠷᠠᠭᠤᠯᠤᠭᠰᠠᠨ ᠲᠠᠯᠠᠪᠠᠶ ᠨᠢ ᠨᠢᠭᠡ ᠤᠳᠠᠭ᠎ᠠ ᠳᠤ 150 ᠮᠦ ᠠᠴᠠ ᠳᠡᠭᠡᠭᠰᠢ ᠪᠤᠶᠤ ᠪᠦᠬᠦ ᠵᠢᠯ ᠳᠤ ᠨᠡᠶᠢᠲᠡ 450 ᠮᠦ ᠠᠴᠠ ᠳᠡᠭᠡᠭᠰᠢ ᠳᠤ ᠬᠦᠷᠭᠡᠵᠦ ᠣᠶ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ 70% ᠠᠴᠠ ᠳᠣᠤᠷ᠎ᠠ ᠪᠣᠯᠭᠠᠭᠰᠠᠨ ᠵᠢᠴᠢ ᠣᠶ ᠮᠣᠳᠣᠨ ᠤ ᠬᠠᠳᠠᠭᠠᠯᠠᠯᠲᠠ ᠶᠢᠨ ᠨᠣᠷᠮ᠎ᠠ ᠶᠢ 60% ᠠᠴᠠ ᠳᠣᠤᠷ᠎ᠠ ᠪᠣᠯᠭᠠᠭᠰᠠᠨ ᠭᠠᠵᠠᠷ ᠣᠷᠣᠨ ᠢ ᠢᠯᠡᠷᠡᠭᠦᠯᠪᠡᠯ ᠲᠤᠬᠠᠢ ᠶᠢᠨ ᠭᠠᠵᠠᠷ ᠤᠨ ᠣᠨ ᠤ ᠰᠢᠯᠢᠳᠡᠭ ᠢ ᠰᠢᠯᠭᠠᠷᠠᠭᠤᠯᠬᠤ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠠᠵᠢᠯᠲᠠᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠣᠷᠣᠰᠢᠵᠤ ᠪᠠᠶᠢᠪᠠᠯ ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠥᠭᠴᠦ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄    1. ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠬᠠᠷᠢᠭᠤᠴᠠᠯᠭ᠎ᠠ ᠪᠠᠨ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠢ︔    2. ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠦᠭᠡᠶ ᠪᠤᠶᠤ ᠪᠠᠶᠢᠴᠠᠭᠠᠨ ᠰᠢᠢᠳᠪᠦᠷᠢᠯᠡᠭᠰᠡᠨ ᠨᠢ ᠲᠣᠳᠣᠷᠬᠠᠶ ᠦᠭᠡᠶ ︔    3. ᠳᠤᠰᠢᠶᠠᠯ ᠬᠠᠷᠢᠭᠤᠴᠠᠯᠭ᠎ᠠ ᠪᠠᠨ ᠤᠮᠲᠤᠭᠠᠶᠢᠯᠠᠵᠤ᠂ ᠡᠷᠭᠡ ᠲᠤᠰᠢᠶᠠᠯ ᠢᠶᠠᠨ ᠲᠤᠷ᠎ᠠ ᠪᠠᠷ ᠠᠰᠢᠭᠯᠠᠭᠰᠠᠨ ᠂ ᠬᠤᠪᠢ ᠶᠢᠨ ᠨᠠᠶᠢᠷ ᠢᠶᠠᠷ ᠬᠠᠤᠯᠢ ᠶᠣᠰᠤ ᠶᠢ ᠵᠦᠷᠢᠴᠡᠭᠰᠡᠨ ᠪᠤᠰᠤᠳ ᠠᠵᠢᠯᠯᠠᠭ᠎ᠠ ᠬᠢᠭᠰᠡᠨ ᠃     ᠲᠠᠶᠢᠯᠤᠮᠵᠢ ᠬᠢᠭᠰᠡᠨ ᠨᠢᠭᠡᠴᠢ᠄ ᠵᠢᠦ ᠶᠤᠸᠠᠨ ᠲᠣᠭᠤᠷᠢᠭ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ    ᠲᠠᠶᠢᠯᠤᠮᠵᠢ ᠬᠢᠭᠴᠢ᠄  ᠮᠠ ᠰᠢᠤᠸᠠᠢ ᠲᠥᠩ    ᠬᠠᠷᠢᠯᠴᠠᠬᠤ ᠤᠲᠠᠰᠤ᠄ 0472-6887391 ᠂ 15049338899 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号