ᠣᠶᠢᠷ᠎ᠠ ᠳᠤ᠂ ᠸᠢᠴᠠᠲ iOS / ᠠᠨ ᠵᠦᠸᠧ ᠳᠤ ᠴᠥᠮ ᠬᠠᠯᠠᠭᠤᠨ ᠰᠢᠨᠡᠴᠢᠯᠡᠯᠳᠡ ᠢᠯᠡᠷᠡᠪᠡ᠃ ᠲᠣᠰ | ᠤᠳᠠᠭᠠᠨ ᠤ ᠰᠢᠨᠡᠴᠢᠯᠡᠯᠳᠡ ᠨᠢ ᠴᠡᠪᠡᠷᠯᠡᠯᠲᠡ ᠶᠢ ᠨᠠᠩ ᠨᠠᠷᠢᠯᠢᠭ ᠪᠣᠯᠭᠠᠵᠤ᠂ ᠨᠠᠩ ᠣᠯᠠᠨ ᠬᠠᠳᠠᠭᠠᠯᠠᠬᠤ ᠣᠷᠣᠨ | ᠵᠠᠶ ᠶᠢ ᠭᠠᠷᠭᠠᠪᠠ᠃ ᠸᠢᠴᠠᠲ ᠨᠢ ᠬᠠᠳᠠᠭᠠᠯᠠᠬᠤ ᠣᠷᠣᠨ ᠵᠠᠶ ᠶᠢᠨ ᠬᠠᠮᠢᠶᠠᠷᠤᠯᠲᠠ ᠶᠢᠨ ᠴᠢᠳᠠᠮᠵᠢ ᠳᠤ ᠨᠢᠭᠡ | ᠤᠳᠠᠭᠠᠨ ᠤ ᠰᠢᠯᠢᠳᠡᠭᠵᠢᠭᠦᠯᠦᠯᠲᠡ ᠬᠢᠪᠡ᠃ ᠪᠢᠳᠡ ᠸᠢᠴᠠᠲ ᠤᠨ 「 ᠲᠤᠬᠢᠷᠠᠭᠤᠯᠬᠤ 」 — 「 ᠨᠡᠶᠢᠳᠡᠮ | ᠬᠡᠷᠡᠭᠯᠡᠬᠦ 」 — 「 ᠬᠠᠳᠠᠭᠠᠯᠠᠬᠤ ᠣᠷᠣᠨ ᠵᠠᠶ 」 ᠳᠤ ᠤᠷᠤᠬᠤ ᠶᠢᠨ ᠬᠠᠮᠲᠤ ᠰᠤᠯᠠ ᠬᠠᠳᠠᠭᠠᠯᠠᠬᠤ ᠬᠡᠰᠡᠭ ᠢ | ᠰᠣᠩᠭᠤᠵᠤ ᠴᠡᠪᠡᠷᠯᠡᠪᠡᠯ ᠳᠠᠷᠤᠶ ᠨᠢᠭᠤᠷ ᠤᠨ ᠲᠡᠭᠡᠳᠦ ᠲᠠᠯ᠎ᠠ ᠳᠤ ᠦᠰᠦᠷᠦᠨ ᠤᠷᠤᠨ᠎ᠡ᠂ ᠡᠨᠡ ᠦᠶ᠎ᠡ ᠳᠤ | ᠰᠢᠨ᠎ᠡ ᠪᠠᠷ ᠨᠡᠮᠡᠭᠳᠡᠭᠰᠡᠨ ᠴᠡᠪᠡᠷᠯᠡᠵᠦ ᠬᠠᠶᠠᠬᠰᠠᠨ ᠤᠭ ᠵᠢᠷᠤᠭ᠂ ᠤᠭ ᠸᠢᠳᠢᠣ᠋ ᠶᠢᠨ ᠴᠢᠳᠠᠮᠵᠢ ᠶᠢ ᠣᠯᠵᠤ ᠬᠠᠷᠠᠨ᠎ᠠ᠃ | ᠡᠨᠡ ᠬᠤᠶᠠᠷ ᠰᠣᠩᠭᠤᠬᠳᠠᠬᠤᠨ ᠨᠢ ᠰᠣᠩᠭᠤᠭᠠᠳᠤᠢ ᠪᠠᠶᠢᠳᠠᠯ ᠳᠤ ᠲᠤᠭᠤᠢ ᠣᠷᠣᠰᠢᠵᠤ ᠪᠠᠶᠢᠳᠠᠭ᠂ | ᠰᠣᠩᠭᠤᠭᠰᠠᠨ ᠤ ᠳᠠᠷᠠᠭ᠎ᠠ ᠨᠢᠭᠡ ᠳᠠᠷᠤᠪᠴᠢ ᠪᠠᠷ ᠨᠢᠭᠡᠨᠲᠡ ᠬᠦᠯᠢᠶᠡᠨ ᠠᠪᠤᠭᠰᠠᠨ ᠪᠠ ᠨᠢᠭᠡᠨᠲᠡ ᠲᠠᠷᠬᠠᠭᠠᠵᠦ | ᠶᠠᠪᠤᠭᠤᠯᠤᠬᠰᠠᠨ ᠤᠭ ᠵᠢᠷᠤᠭ / ᠤᠭ ᠸᠢᠳᠢᠣ᠋ ᠮᠠᠲ᠋ᠧᠷᠢᠶᠠᠯ ᠢ ᠴᠡᠪᠡᠷᠯᠡᠵᠦ ᠬᠠᠶᠠᠳᠠᠭ᠃ ᠲᠣᠰ ᠴᠢᠳᠠᠮᠵᠢ ᠨᠢ | ᠬᠠᠯᠠᠭᠤᠨ ᠰᠢᠨᠡᠴᠢᠯᠡᠯᠳᠡ ᠳᠤ ᠲᠤᠭᠠᠴᠠᠬᠳᠠᠨ᠎ᠠ᠂ ᠸᠢᠴᠠᠲ ᠤᠨ ᠬᠡᠪᠯᠡᠯ ᠢ ᠳᠡᠰ ᠳᠡᠪᠰᠢᠭᠦᠯᠬᠦ ᠦᠭᠡᠢ ᠪᠠᠷ ᠬᠡᠷᠡᠭᠯᠡᠵᠦ | ᠪᠣᠯᠤᠨ᠎ᠠ᠃ | | | | | | | | | | |