| | ᠬᠤᠷᠢᠨᠭᠡᠷ ᠪᠠᠯᠭᠠᠰᠤᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠢᠷᠢ ᠲᠦᠪᠰᠢᠨ ᠢ | ᠦᠨᠡᠨ ᠬᠦ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠠ | ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 3 | ᠰᠠᠷ᠎ᠠ ᠶᠢᠨ 27 ᠤ ᠡᠳᠦᠷ᠂ ᠬᠤᠷᠢᠨᠭᠡᠷ ᠪᠠᠯᠭᠠᠰᠤ ᠠᠴᠠ ᠵᠢᠤ ᠶᠤᠸᠠᠨ ᠲᠣᠭᠤᠷᠢᠭ ᠤᠨ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠴᠧᠨ ᡁᠢ ᠴᠢᠶᠠᠩ ᠱᠲ᠋ᠠᠪᠴᠢ ᠶᠢ ᠣᠨᠴᠠᠭᠠᠶᠢᠯᠠᠨ ᠤᠷᠢᠵᠤ᠂ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠵᠦ᠂ ᠪᠠᠯᠭᠠᠰᠤᠨ ᠤ | ᠵᠠᠰᠠᠭ ᠤᠨ ᠣᠷᠳᠣᠨ ᠤ ᠠᠵᠢᠯᠲᠠᠨ᠂ ᠡᠯ᠎ᠡ ᠲᠣᠰᠬᠤᠨ ᠤ ᠱᠦᠵᠢ ᠵᠢᠴᠢ ᠪᠠᠭ᠎ᠠ ᠠᠩᠭᠢ ᠶᠢᠨ ᠳᠠᠷᠤᠭ᠎ᠠ ᠶᠢ | ᠣᠷᠣᠯᠴᠠᠭᠤᠯᠪᠠ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠴᠧᠨ ᡁᠢ ᠴᠢᠶᠠᠩ ᠱᠲ᠋ᠠᠪᠴᠢ ᠬᠥᠳᠡᠭᠡ ᠲᠣᠰᠬᠤᠨ ᠤ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠣᠳᠣᠬᠢ ᠪᠠᠶᠢᠳᠠᠯ ᠵᠢᠴᠢ ᠬᠠᠪᠤᠷ ᠤᠨ ᠭᠠᠯ ᠤᠨ ᠭᠠᠮᠰᠢᠭ ᠤᠨ | ᠣᠨᠴᠠᠯᠢᠭ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠡᠮᠵᠢᠨ᠂ ᠭᠠᠯ ᠤᠨ ᠭᠠᠮᠰᠢᠭ ᠤᠨ ᠪᠣᠶ | ᠪᠣᠯᠤᠭᠰᠠᠨ ᠰᠢᠯᠲᠠᠭᠠᠨ᠂ ᠬᠤᠤᠷ ᠬᠥᠨᠥᠭᠡᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠶ | ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠ ᠮᠠᠰᠢ | ᠠᠮᠠᠷᠬᠠᠨ ᠣᠮᠲᠣᠭᠠᠶᠢᠯᠠᠭᠳᠠᠬᠤ ᠭᠠᠯ ᠤᠨ ᠭᠠᠮᠰᠢᠭ ᠤᠨ ᠳᠠᠯᠳᠠ ᠬᠡᠮ ᠳᠤ ᠴᠢᠭᠯᠡᠭᠦᠯᠦᠨ᠂ ᠵᠢᠱᠢᠶᠡᠯᠡᠪᠡᠯ ᠴᠠᠬᠢᠯᠭᠠᠨ | ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠪᠠ ᠬᠡᠷᠡᠭᠯᠡᠬᠦ᠂ ᠡᠰᠢ ᠰᠦᠷᠡᠯ ᠢ ᠳᠤᠷ᠎ᠠ ᠪᠠᠷ ᠢᠶᠠᠨ ᠰᠢᠲᠠᠭᠠᠬᠤ | ᠵᠡᠷᠭᠡ᠂ ᠪᠣᠳᠠᠲᠠᠶ ᠰᠡᠷᠭᠡᠶᠢᠯᠡᠬᠦ ᠰᠠᠨᠠᠭᠤᠯᠭ᠎ᠠ ᠳᠤᠷᠠᠳᠴᠠᠶ᠃ ᠭᠠᠯ ᠤᠨᠲᠠᠷᠠᠭᠠᠬᠤ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠭᠤᠭᠴᠤᠭ᠎ᠠ ᠳᠤ᠂ ᠴᠧᠨ ᠱᠲ᠋ᠠᠪᠴᠢ ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠭᠤᠷ ᠤᠨ ᠬᠠᠮᠢᠶ᠎ᠠ | ᠪᠦᠬᠦᠢ ᠮᠡᠳᠡᠯᠭᠡ ᠵᠢᠴᠢ ᠵᠥᠪ ᠬᠡᠷᠡᠭᠯᠡᠬᠦ ᠠᠷᠭ᠎ᠠ ᠶᠢ ᠳᠡᠯᠭᠡᠨ ᠦᠵᠡᠭᠦᠯᠵᠦ᠂ ᠤᠯᠠᠨ ᠤ ᠭᠠᠯ ᠤᠨᠲᠠᠷᠠᠭᠠᠬᠤ ᠪᠠᠭᠠᠵᠢ | ᠬᠡᠷᠡᠭᠰᠡᠯ ᠢ ᠬᠡᠷᠡᠭᠯᠡᠬᠦ ᠤᠷ᠎ᠠ ᠮᠡᠷᠭᠡᠵᠢᠯ ᠢ ᠡᠵᠡᠮᠰᠢᠬᠦ ᠶᠢ ᠦᠨᠡᠨ ᠬᠦ ᠪᠠᠲᠤᠯᠠᠪᠠ᠃ | ᠪᠣᠯᠪᠠᠰᠤᠷᠠᠭᠤᠯᠤᠯ ᠤᠨ ᠲᠡᠭᠦᠰᠬᠡᠯ ᠳᠤ᠂ ᠵᠢᠤ ᠶᠤᠸᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠶᠢᠨ ᠨᠢᠦ ᠸᠧᠨ ᠵᠢᠩ ᠱᠲ᠋ᠠᠪᠴᠢ : ᠨᠢᠭᠡ ᠳᠤ᠂ ᠡᠯ᠎ᠡ ᠲᠣᠰᠬᠤᠨ ᠬᠤᠷᠠᠯ ᠤᠨ | ᠳᠠᠷᠠᠭ᠎ᠠ ᠡᠷᠬᠡᠪᠰᠢ ᠴᠠᠭ ᠲᠤᠬᠠᠶ ᠳᠤᠨᠢ ᠲᠣᠰᠬᠤᠨ ᠤ ᠠᠷᠠᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠬᠠᠪᠤᠷ ᠤᠨ ᠤᠯᠠᠷᠢᠯ ᠵᠢᠴᠢ ᠭᠠᠯᠳᠠᠵᠤ ᠪᠠᠶᠢᠭ᠎ᠠ ᠬᠤᠭᠤᠴᠠᠭᠠᠨ ᠳᠠᠬᠢ ᠭᠠᠯ ᠤᠨ ᠭᠠᠮᠰᠢᠭ ᠢ | ᠰᠡᠷᠭᠡᠶᠢᠯᠡᠬᠦ ᠠᠵᠢᠯ ᠢ ᠴᠢᠬᠤᠯᠠᠴᠢᠯᠠᠬᠤ ᠶᠢᠨ ᠬᠠᠮᠲᠤ ᠬᠤᠷᠠᠯ ᠤᠨ ᠲᠡᠮᠳᠡᠭᠯᠡᠯ ᠢ ᠬᠢᠨᠠᠮᠠᠭᠠᠶ ᠰᠠᠶᠢᠲᠤᠷ ᠬᠢᠵᠦ᠂ | ᠭᠠᠯᠳᠠᠵᠤ ᠪᠠᠶᠢᠭ᠎ᠠ ᠬᠤᠭᠤᠴᠠᠭᠠᠨ ᠳᠤ ᠡᠷᠬᠡᠪᠰᠢ ᠲᠤᠰᠬᠠᠶ ᠬᠥᠮᠦᠨ ᠲᠣᠬᠢᠷᠠᠭᠤᠯᠤᠨ ᠬᠠᠷᠠᠭᠠᠯᠵᠠᠨ ᠬᠠᠮᠠᠭᠠᠯᠠᠭᠤᠯᠵᠤ᠂ | ᠰᠠᠨᠠᠭᠠᠨ ᠳᠤ ᠥᠬᠡᠶ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠶ︔ ᠬᠤᠶᠠᠷ ᠲᠤ᠂ ᠭᠠᠯᠳᠠᠬᠤ | ᠬᠤᠭᠤᠴᠠᠭᠠᠨ ᠳᠤ ᠴᠢᠬᠤᠯᠠ ᠪᠦᠬᠦᠢ ᠭᠠᠯ ᠤᠨᠲᠠᠷᠠᠭᠠᠬᠤ ᠲᠥᠬᠦᠭᠡᠷᠦᠮᠵᠢ ᠶᠢ ᠲᠤᠬᠢᠷᠠᠭᠤᠯᠬᠤ ᠬᠡᠷᠡᠭᠲᠡᠢ︔ | ᠭᠤᠷᠪᠠ ᠳᠤ᠂ ᠲᠠᠷᠢᠶᠠᠨ ᠭᠠᠵᠠᠷ ᠢ ᠲᠤᠰᠠᠭᠠᠷᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠠᠯ ᠤᠨ ᠭᠠᠮᠰᠢᠭ | ᠳᠡᠯᠭᠡᠷᠡᠬᠦ ᠠᠶᠤᠯ ᠲᠦᠭᠰᠢᠭᠦᠷᠢ ᠶᠢ ᠪᠠᠭᠠᠰᠬᠠᠬᠤ ᠶᠢ ᠰᠠᠨᠠᠭᠤᠯᠪᠠ︔ ᠳᠥᠷᠪᠡ ᠳᠤ᠂ ᠲᠠᠷᠢᠶᠠᠨ ᠭᠠᠵᠠᠷ ᠤᠨ | ᠤᠰᠤᠯᠠᠯᠲᠠ ᠶᠢᠨ ᠮᠠᠰᠢᠨ ᠬᠤᠳᠳᠤᠭ ᠢ ᠴᠠᠭ ᠲᠤᠬᠠᠶ ᠳᠤᠨᠢ ᠰᠡᠯᠪᠢᠨ ᠵᠠᠰᠠᠵᠤ ᠬᠠᠮᠠᠭᠠᠯᠠᠬᠤ ᠠᠵᠢᠯ ᠬᠢᠵᠦ᠂ | ᠵᠠᠩᠭᠢᠯᠠᠭ᠎ᠠ ᠶᠢᠨ ᠦᠶ᠎ᠡ ᠳᠤ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ︔ ᠲᠠᠪᠤ ᠳᠤ᠂ | ᠲᠣᠰᠬᠤᠨ ᠳᠤ ᠵᠠᠮ ᠵᠠᠰᠠᠨ ᠪᠠᠶᠢᠭᠤᠯᠬᠤ ᠳᠤ ᠪᠠᠨ ᠭᠠᠯ ᠤᠨᠲᠠᠷᠠᠭᠠᠬᠤ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ | ᠠᠮᠢ ᠨᠠᠰᠤᠨ ᠤ ᠨᠡᠪᠲᠡᠷᠡᠬᠦ ᠵᠠᠮ ᠤᠨ ᠰᠠᠭᠠᠳ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠳᠡᠮᠵᠢᠨ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠬᠠᠪᠤᠷ ᠤᠨ | ᠤᠯᠠᠷᠢᠯ ᠤᠨ ᠭᠠᠯ ᠰᠡᠷᠭᠡᠶᠢᠯᠡᠬᠦ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠢᠷᠡᠭᠡᠳᠦᠶ ᠳᠤ᠂ | ᠬᠤᠷᠢᠨᠭᠡᠷ ᠪᠠᠯᠭᠠᠰᠤ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠪᠠ ᠪᠣᠯᠪᠠᠰᠤᠷᠠᠭᠤᠯᠤᠯ ᠤᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠭᠠᠯ ᠰᠡᠷᠭᠡᠶᠢᠯᠡᠬᠦ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ | ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠢᠶᠠᠩ ᠪᠠᠯᠭᠠᠰᠤᠨ ᠤ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ᠃ | | | | | |