ᠰᠢᠳᠤ ᠶᠢ ᠬᠠᠯᠠᠮᠵᠢᠯᠠᠬᠤ ᠠᠵᠢᠯᠯᠠᠭ᠎ᠠ ᠂  ᠵᠢᠷᠤᠮ ᠤᠨ ᠡᠮᠴᠢᠯᠡᠭᠡ ᠪᠠᠷ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/4/1
     ᠰᠠᠭᠤᠭᠠᠯᠢ ᠠᠷᠠᠳ ᠤᠨ ᠠᠮᠠᠨ ᠬᠥᠨᠳᠡᠶ ᠶᠢᠨ ᠡᠷᠡᠭᠦᠯ ᠴᠢᠭᠢᠷᠠᠭ ᠤᠨ ᠲᠤᠬᠠᠶ ᠠᠩᠬᠠᠷᠤᠯ ᠪᠠ ᠲᠠᠨᠢᠯᠲᠠ ᠶᠢ ᠨᠡᠮᠡᠭᠳᠡᠭᠦᠯᠵᠦ᠂ ᠠᠮᠠᠨ ᠬᠥᠨᠳᠡᠶ ᠶᠢᠨ ᠡᠷᠡᠭᠦᠯ ᠴᠢᠭᠢᠷᠠᠭ ᠤᠨ ᠮᠡᠳᠡᠯᠭᠡ ᠶᠢ ᠲᠦᠭᠡᠮᠡᠯᠵᠢᠭᠦᠯᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠠᠮᠠᠨ ᠬᠥᠨᠳᠡᠶ ᠶᠢᠨ ᠡᠷᠡᠭᠦᠯ ᠴᠢᠭᠢᠷᠠᠭ ᠤᠨ ᠤᠬᠠᠮᠰᠠᠷ ᠢ ᠳᠡᠭᠡᠭᠰᠢᠯᠡᠭᠦᠯᠬᠦ ᠶᠢᠨ ᠲᠦᠯᠦᠭᠡ᠃ ᠣᠶᠢᠷ᠎ᠠ ᠳᠤ᠂ ᠺᠠᠶ ᠶᠤᠸᠠᠨ ᠭᠡᠷ ᠬᠤᠷᠢᠶᠠᠯᠠᠯ ᠰᠢᠩ ᠹᠦ᠋ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶ᠎ᠠ ᠶᠢ ᠭᠡᠷ ᠬᠤᠷᠢᠶᠠᠯᠠᠯ ᠳᠤ ᠤᠷᠢᠵᠤ《  ᠰᠢᠳᠤ ᠶᠢ ᠬᠠᠯᠠᠮᠵᠢᠯᠠᠬᠤ ᠠᠵᠢᠯᠯᠠᠭ᠎ᠠ  ᠵᠢᠷᠤᠮ ᠤᠨ ᠡᠮᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ 》ᠠᠵᠢᠯᠯᠠᠭ᠎ᠠ ᠥᠷᠨᠢᠭᠦᠯᠪᠡ᠃
1111.jpg
      ᠠᠵᠢᠯᠯᠠᠭᠠᠨ ᠤ ᠳᠤᠮᠳᠠ᠂ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ ᠠᠵᠢᠯᠲᠠᠨ ᠣᠯᠠᠨ ᠳᠤ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠂ ᠡᠭᠦᠨ ᠳᠤ ᠠᠮᠠᠨ ᠬᠥᠨᠳᠡᠶ ᠶᠢᠨ ᠪᠠᠶᠢᠴᠠᠭᠠᠯᠲᠠ᠂ ᠠᠮᠠᠨ ᠬᠥᠨᠳᠡᠶ ᠶᠢᠨ ᠡᠷᠡᠭᠦᠯ ᠬᠠᠮᠠᠭᠠᠯᠠᠯ ᠤᠨ ᠵᠢᠯᠣᠭᠤᠳᠣᠯᠭ᠎ᠠ᠂ ᠦᠷᠭᠦᠯᠵᠢ ᠲᠣᠬᠢᠶᠠᠯᠳᠤᠳᠠᠭ ᠠᠮᠠᠨ ᠬᠥᠨᠳᠡᠶ ᠶᠢᠨ ᠡᠪᠡᠳᠴᠢᠨ ᠤ ᠵᠥᠪᠯᠡᠯᠭᠡ ᠵᠡᠷᠭᠡ ᠪᠠᠭᠲᠠᠨ᠎ᠠ᠃ ᠲᠤᠬᠠᠶ ᠶᠢᠨ ᠲᠠᠯᠠᠪᠠᠶ ᠠᠴᠠ ᠰᠠᠭᠤᠭᠠᠯᠢ ᠠᠷᠠᠳ ᠤᠨ ᠠᠰᠠᠭᠤᠯᠲᠠ ᠳᠤ ᠬᠠᠷᠢᠭᠤᠯᠲᠠ ᠥᠭᠴᠦ᠂ ᠲᠡᠳᠡᠨ ᠤ ᠠᠮᠠᠨ ᠬᠥᠨᠳᠡᠶ ᠶᠢᠨ ᠵᠠᠰᠠᠯᠭ᠎ᠠ ᠶᠢᠨ ᠲᠤᠬᠠᠶ ᠪᠤᠷᠤᠭᠤ ᠣᠶᠢᠯᠠᠭᠠᠯᠲᠠ ᠪᠠ ᠡᠷᠡᠭᠡᠯᠵᠡᠭᠡ ᠶᠢ ᠨᠢ ᠠᠷᠢᠯᠭᠠᠵᠤ᠂ ᠣᠯᠠᠨ ᠢ ᠡᠷᠲᠡᠬᠡᠨ ᠡᠮᠨᠡᠨ ᠵᠠᠰᠠᠬᠤ ᠠᠷᠭ᠎ᠠ ᠬᠡᠮᠵᠢᠶ᠎ᠡ ᠠᠪᠬᠤ ᠶᠢ ᠵᠤᠷᠢᠭᠵᠢᠭᠤᠯᠵᠤ᠂ ᠪᠠᠭ᠎ᠠ ᠠᠰᠠᠭᠤᠳᠠᠯ ᠭᠦᠭᠵᠢᠭᠡᠳ ᠶᠡᠭᠡ ᠶᠠᠷᠰᠢᠭ ᠪᠣᠯᠬᠤ ᠠᠴᠠ ᠵᠠᠶᠢᠯᠡᠰᠬᠢᠨ᠎ᠡ᠃      ᠲᠤᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠨ᠂ ᠰᠠᠭᠤᠭᠠᠯᠢ ᠠᠷᠠᠳ ᠲᠤ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ ᠢ ᠣᠢᠯᠠᠭᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠵᠥᠪ ᠣᠨᠣᠪᠴᠢᠲᠠᠶ ᠠᠮᠠᠨ ᠬᠥᠨᠳᠡᠶ ᠶᠢᠨ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠶᠢ ᠰᠤᠷᠴᠠᠶ᠃ ᠬᠤᠶᠢᠰᠢᠳᠠ᠂ ᠭᠡᠷ ᠬᠤᠷᠢᠶᠠᠯᠠᠯ ᠦᠷᠭᠦᠯᠵᠢᠯᠡᠨ ᠡᠯ᠎ᠡ ᠵᠦᠢᠯ ᠤᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠲᠤ ᠳᠥᠭᠦᠮ ᠳᠥᠲᠡ ᠲᠤᠰᠬᠠᠶ ᠮᠡᠷᠭᠡᠵᠢᠯ ᠤᠨ ᠦᠢᠯᠡᠴᠢᠯᠡᠭᠡ ᠬᠦᠷᠲᠡᠭᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号