3 ᠰᠠᠷ᠎ᠠ ᠶᠢᠨ 28 ᠤ ᠡᠳᠦᠷ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠵᠢᠶᠦ᠋ᠨ ᠢ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠳᠤ | ᠪᠠᠶᠢᠴᠠᠭᠠᠨ ᠰᠤᠳᠤᠯᠤᠯᠲᠠ ᠬᠢᠪᠠ᠃ | ᠵᠢᠶᠦ᠋ᠨ ᠢ ᠤᠷᠢᠳ ᠬᠤᠵᠢᠳ ᠵᠢᠤ ᠶᠤᠸᠠᠨ ᠲᠣᠭᠤᠷᠢᠭ ᠤᠨ ᠨᠦᠩ ᠢ ᠹᠧᠩ ᠲᠠᠷᠢᠶᠠᠯᠠᠩ ᠤᠨ | ᠬᠡᠷᠡᠭᠰᠡᠯ ᠤᠨ ᠪᠣᠷᠣᠯᠠᠭᠤᠯᠭ᠎ᠠ ᠶᠢᠨ ᠭᠠᠵᠠᠷ᠂ ᠥᠪᠥᠷ ᠮᠣᠩᠭᠤᠯ ᠤᠨ ᠮᠢᠨ ᠱᠧᠩ ᠶᠤᠸᠠᠨ ᠲᠠᠷᠢᠶᠠᠯᠠᠩ ᠤᠨ | ᠬᠢᠵᠠᠭᠠᠷᠲᠤ ᠺᠣᠮᠫᠠᠨᠢ᠂ ᠬᠤᠶᠠᠷᠬᠤᠳᠳᠤᠭ ᠪᠠᠯᠭᠠᠰᠤᠨ ᠤ ᠲᠠᠪᠤᠰᠤ ᠲᠣᠰᠬᠤᠨ᠂ ᠥᠪᠥᠷ ᠮᠣᠩᠭᠤᠯ ᠤᠨ ᠱᠧᠩ ᠳ᠋ᠢᠩ | ᠬᠤᠢ ᠲᠠᠷᠢᠶᠠᠯᠠᠩ ᠤᠨ ᠮᠠᠰᠢᠨ ᠤ ᠲᠠᠷᠢᠶᠠᠴᠢᠳ ᠤᠨ ᠲᠤᠰᠬᠠᠢ ᠬᠤᠷᠰᠢᠶ᠎ᠠ ᠳᠤ ᠬᠦᠷᠴᠦ᠂ ᠬᠤᠯᠪᠣᠭᠳᠠᠯ ᠪᠦᠬᠦᠢ | ᠬᠠᠷᠢᠭᠤᠴᠠᠯᠭᠠᠲᠠᠨ ᠲᠠᠢ ᠨᠠᠷᠢᠨ ᠬᠢᠨᠠᠮᠠᠭᠠᠢ ᠶᠠᠷᠢᠯᠴᠠᠵᠤ᠂ ᠦᠷ᠎ᠡ ᠵᠢᠴᠢ ᠬᠢᠮᠢ ᠶᠢᠨ ᠪᠤᠷᠳᠤᠭᠤᠷ ᠵᠡᠷᠭᠡ | ᠲᠠᠷᠢᠶᠠᠯᠠᠩ ᠤᠨ ᠬᠡᠷᠡᠭᠰᠡᠯ ᠤᠨ ᠪᠣᠷᠣᠯᠠᠭᠤᠯᠭ᠎ᠠ ᠶᠢᠨ ᠪᠠᠶᠢᠳᠠᠯ᠂ ᠲᠦᠬᠦᠬᠡᠷᠤᠮᠵᠢᠳᠤ ᠲᠠᠷᠢᠶᠠᠯᠠᠩ ᠤᠨ ᠲᠦᠷᠦᠯ | ᠵᠦᠢᠯ ᠤᠨ ᠠᠬᠢᠴᠠ ᠶᠢᠨ ᠪᠠᠶᠢᠳᠠᠯ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ | ᠬᠡᠷᠡᠭᠵᠢᠭᠦᠯᠦᠭᠰᠡᠨ ᠪᠠᠶᠢᠳᠠᠯ᠂ ᠬᠤᠷᠰᠢᠶ᠎ᠠ ᠶᠢᠨ ᠲᠠᠷᠢᠶᠠᠯᠠᠩ ᠤᠨ ᠮᠠᠰᠢᠨ ᠤ ᠲᠣᠨᠣᠭᠯᠠᠯ ᠤᠨ ᠲᠦᠪᠰᠢᠨ ᠵᠢᠴᠢ | ᠦᠢᠯᠡᠴᠢᠯᠡᠭᠡᠨ ᠤ ᠬᠡᠪᠴᠢᠶ᠎ᠡ ᠵᠡᠷᠭᠡ ᠪᠠᠶᠢᠳᠠᠯ ᠢ ᠨᠠᠷᠢᠨ ᠤᠢᠢᠯᠠᠭᠠᠭᠰᠠᠠ ᠪᠥᠭᠡᠳ ᠳᠠᠷᠠᠭᠠᠴᠢ ᠶᠢᠨ ᠠᠵᠢᠯ ᠳᠤ ᠰᠠᠨᠠᠯ | ᠰᠠᠨᠠᠭᠤᠯᠭ᠎ᠠ ᠳᠤᠷᠠᠳᠴᠠᠢ᠃ | ᠯᠢᠦ ᠵᠢᠶᠦ᠋ᠨ ᠢ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ | ᠪᠣᠯᠤᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳᠴᠢᠯᠠᠨ ᠲᠥᠯᠥᠪᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠨᠥᠭᠡᠴᠡᠯᠡᠵᠦ᠂ ᠲᠠᠷᠢᠶᠠᠴᠢᠨ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠢᠮᠠᠭᠲᠠ | ᠬᠠᠯᠠᠮᠵᠢᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠭᠦᠢᠴᠡᠳ᠂ ᠶᠠᠰᠤ ᠴᠢᠨᠠᠷ | ᠨᠠᠶᠢᠳᠠᠪᠤᠷᠢᠲᠠᠶ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠬᠠᠮᠠᠭᠠᠯᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠲᠤᠰ ᠭᠠᠵᠠᠷ ᠲᠤ ᠳᠣᠭᠢᠷᠬᠠᠰᠠᠨ ᠰᠢᠯᠢᠳᠡᠭ ᠡᠭᠦᠯᠳᠡᠷ ᠪᠣᠯᠤᠨ ᠲᠡᠷᠢᠭᠦᠨ ᠤ ᠲᠠᠷᠢᠬᠤ ᠮᠡᠷᠭᠡᠵᠢᠯ ᠢ ᠣᠷᠣᠭᠤᠯᠵᠤ | ᠢᠷᠡᠬᠦ ᠪᠠ ᠳᠡᠯᠭᠡᠷᠡᠭᠦᠯᠵᠦ᠂ ᠭᠠᠵᠠᠷ ᠰᠢᠷᠣᠶ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠪᠣᠯᠤᠨ ᠠᠵᠤ ᠦᠢᠯᠡᠰ ᠤᠨ | ᠬᠥᠭᠵᠢᠯᠲᠡ ᠶᠢ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠭᠤᠯᠬᠤ ᠶᠢ ᠪᠡᠶᠡᠯᠡᠭᠦᠯᠬᠦ ᠬᠡᠷᠡᠭᠲᠡᠶ᠃ ᠡᠰᠢ | ᠰᠦᠷᠡᠯ ᠢ ᠰᠢᠢᠳᠪᠦᠷᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠰᠠᠶᠢᠲᠤᠷ ᠬᠢᠵᠦ᠂ ᠡᠰᠢ | ᠰᠦᠷᠡᠯ ᠢ ᠥᠨᠳᠥᠷ ᠥᠷᠲᠡᠭ ᠲᠠᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ ᠬᠠᠷᠠᠯᠲᠠ ᠪᠣᠯᠭᠠᠵᠤ᠂ ᠬᠤᠷᠢᠶᠠᠵᠤ | ᠬᠠᠳᠠᠭᠠᠯᠠᠵᠤ ᠵᠥᠭᠡᠭᠡᠪᠦᠷᠢᠯᠡᠬᠦ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦ ᠨᠡᠮᠡᠷᠢᠯᠡᠬᠦ ᠬᠡᠷᠡᠭᠲᠡᠶ᠃ | ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡ ᠶᠢ | ᠴᠢᠩᠭᠠᠳᠬᠠᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠪᠡᠶᠡᠯᠡᠭᠦᠯᠵᠦ᠂ | ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠥᠬᠦ ᠵᠢᠯ ᠤᠨ ᠠᠮᠤ | ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠬᠦ ᠬᠡᠷᠡᠭᠲᠡᠶ᠃ | ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | | | | | | |