ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠬᠡᠪᠴᠢᠶ᠎ᠡ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠠᠬᠢᠭᠤᠯᠵᠤ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ | ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠤᠰᠠᠳᠠ᠂ ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠢᠳᠡᠪᠬᠢᠲᠡᠶ ᠥᠷᠨᠢᠭᠦᠯᠪᠡ᠃ | ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠵᠡᠷᠭᠡ ᠳᠡᠰ ᠢ ᠦᠨᠳᠦᠰᠦᠯᠡᠨ ᠵᠦᠷᠢᠶᠡᠴᠢᠯᠡᠭᠰᠡᠨ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡᠨ ᠤ ᠬᠦᠷᠢᠶ᠎ᠡ ᠬᠡᠪᠴᠢᠶ᠎ᠡ ᠶᠢᠨ | ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠣᠳᠠᠲᠠᠶ ᠠᠵᠢᠯ ᠢ | ᠥᠷᠨᠢᠭᠦᠯᠦᠭᠰᠡᠨ ᠪᠠᠶᠢᠳᠠᠯ ᠨᠢ ᠳᠤᠤᠷᠠᠬᠢ ᠮᠡᠲᠦ : | ᠨᠢᠭᠡ᠂ ᠢᠲᠡᠭᠡᠮᠵᠢ ᠶᠢᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ | ᠮᠠᠨ ᠤ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠬᠡᠪᠴᠢᠶ᠎ᠡ ᠶᠢᠨ ᠢᠲᠡᠭᠡᠮᠵᠢ ᠶᠢᠨ | ᠬᠠᠮᠢᠶᠠᠷᠤᠯᠲᠠ ᠶᠢᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭᠠᠨ ᠤ | ᠶᠠᠪᠤᠳᠠᠯ ᠤᠨ ᠬᠦᠷᠢᠶ᠎ᠡ ᠬᠡᠪᠴᠢᠶ᠎ᠡ ᠶᠢᠨ ᠢᠲᠡᠭᠡᠮᠵᠢ ᠶᠢᠨ ᠲᠠᠰ ᠲᠥᠷᠥᠯ ᠬᠤᠪᠢᠶᠠᠬᠤ ᠪᠠᠷᠢᠮᠵᠢᠶ᠎ᠠ ᠶᠢ ᠪᠠᠶᠢᠭᠤᠯᠬᠤ ᠶᠢᠨ | ᠲᠤᠰᠠᠳᠠ᠂《 ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠬᠡᠪᠴᠢᠶ᠎ᠡ ᠳᠤ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠥᠷᠨᠢᠭᠦᠯᠬᠦ ᠲᠤᠬᠠᠶ | ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ 》( ᠪᠤᠭᠤᠲᠤ ᠶᠢᠨ | ᠬᠤᠳᠠᠯᠳᠤᠭᠠᠨ ᠤ ᠶᠠᠪᠤᠳᠠᠯ ᠪᠥᠲᠥᠭᠡᠨ ᠲᠠᠷᠬᠠᠭᠠᠭᠰᠠᠨ (〔 2021〕 5 ᠳ᠋ᠤᠭᠠᠷ ᠲᠣᠭᠠᠲᠤ ) ᠪᠢᠴᠢᠭ | ᠮᠠᠲ᠋ᠧᠷᠢᠶᠠᠯ ᠢ ᠤᠯᠠᠮᠵᠢᠯᠠᠨ ᠲᠠᠷᠬᠠᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ | ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ( ᠰᠠᠯᠠᠭ᠎ᠠ | ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ— ᠥᠪᠥᠷ ᠮᠣᠩᠭᠤᠯ ) ᠲᠤ ᠪᠠᠶᠢᠴᠠᠭᠠᠭᠳᠠᠬᠤ | ᠡᠲᠡᠭᠡᠳ ᠤᠨ ᠨᠡᠷᠡᠰ ᠤᠨ ᠬᠥᠮᠥᠷᠭᠡ ᠪᠠᠶᠢᠭᠤᠯᠵᠤ᠂ ᠨᠢᠭᠡᠨᠲᠡ ᠬᠥᠮᠥᠷᠭᠡ ᠳᠤ ᠣᠷᠣᠭᠤᠯᠤᠭᠰᠠᠨ 13 ᠠᠷᠠᠯᠵᠢᠶ᠎ᠠ | ᠬᠤᠳᠠᠯᠳᠤᠭ᠎ᠠ ᠶᠢᠨ ᠭᠦᠢᠯᠭᠡᠭᠡᠨ ᠤ ᠬᠦᠷᠢᠶ᠎ᠡ ᠬᠡᠪᠴᠢᠶ᠎ᠡ ᠶᠢᠨ ᠠᠵᠤ ᠠᠬᠤᠶᠢᠯᠠᠯ ᠳᠤ ᠢᠲᠡᠭᠡᠮᠵᠢ ᠶᠢᠨ | ᠲᠦᠭᠰᠢᠭᠦᠷᠢ ᠶᠢᠨ ᠶᠣᠰᠣᠭᠠᠷ ᠲᠠᠰ ᠬᠤᠪᠢᠶᠠᠨ ᠲᠥᠷᠥᠯ ᠬᠤᠪᠢᠶᠠᠵᠤ᠂ ᠡᠭᠦᠨ ᠳᠤ ᠢᠲᠡᠭᠡᠮᠵᠢ ᠶᠢᠨ ᠵᠡᠷᠭᠡ ᠳᠡᠰ ᠨᠢ | A ᠪᠣᠯᠬᠤ ᠠᠵᠤ ᠠᠬᠤᠶᠢᠯᠠᠯ ᠨᠡᠶᠢᠲᠡ 10 ᠪᠠᠶᠢᠵᠤ᠂ ᠢᠲᠡᠭᠡᠮᠵᠢ ᠶᠢᠨ ᠵᠡᠷᠭᠡ ᠳᠡᠰ ᠨᠢ B ᠪᠣᠯᠬᠤ ᠠᠵᠤ | ᠠᠬᠤᠶᠢᠯᠠᠯ ᠨᠡᠶᠢᠲᠡ 3 ᠪᠠᠶᠢᠨ᠎ᠠ᠃ | ᠬᠤᠶᠠᠷ᠂ ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠵᠤ ᠵᠦᠷᠢᠶᠡᠴᠢᠯᠡᠨ ᠬᠢᠨᠠᠨ ᠬᠠᠮᠢᠶᠠᠷᠬᠤ ᠶᠢ | ᠬᠡᠷᠡᠭᠵᠢᠭᠦᠯᠬᠦ | 《 ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ 》ᠬᠢᠨᠠᠨ ᠬᠠᠮᠢᠶᠠᠷᠬᠤ ᠬᠢᠭᠡᠳ ᠢᠲᠡᠭᠡᠮᠵᠢ ᠶᠢᠨ | ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ | ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠭᠰᠠᠨ ᠦᠷ᠎ᠡ ᠳ᠋ᠦᠩ ᠢ ᠦᠨᠳᠦᠰᠦᠯᠡᠨ ᠵᠦᠷᠢᠶᠡᠴᠢᠯᠡᠭᠰᠡᠨ | ᠬᠢᠨᠠᠨ ᠬᠠᠮᠢᠶᠠᠷᠬᠤ ᠶᠢᠨ ᠠᠷᠭ᠎ᠠ ᠬᠡᠮᠵᠢᠶ᠎ᠡ ᠠᠪᠴᠤ᠂ ᠰᠤᠭᠤᠴᠢᠨ ᠪᠠᠶᠢᠴᠠᠭᠠᠬᠤ ᠬᠠᠷᠢᠴᠠᠯ᠂ ᠰᠤᠭᠤᠴᠢᠨ ᠪᠠᠶᠢᠴᠠᠭᠠᠬᠤ | ᠤᠳᠠᠭ᠎ᠠ ᠶᠢ ᠵᠦᠶ ᠵᠣᠬᠢᠰᠲᠠᠶ ᠲᠣᠭᠲᠠᠭᠠᠨ᠂ ᠬᠥᠳᠡᠯᠦᠩᠭᠦᠶ ᠪᠠᠷ ᠲᠣᠬᠢᠷᠠᠭᠤᠯᠵᠤ᠂ ᠬᠢᠨᠠᠨ ᠬᠠᠮᠢᠶᠠᠷᠤᠯᠲᠠ ᠶᠢᠨ ᠴᠠᠭ | ᠲᠤᠬᠠᠶᠢᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠬᠢᠨᠠᠨ | ᠬᠠᠮᠢᠶᠠᠷᠤᠯᠲᠠ ᠶᠢ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠳ ᠢ《 ᠭᠠᠵᠠᠷ ᠥᠬᠡᠶ 》ᠪᠣᠯᠭᠠᠵᠤ᠂ ᠦᠨᠡᠨᠴᠢ | ᠢᠲᠡᠭᠡᠮᠵᠢᠲᠡᠶ ᠪᠠᠷ ᠬᠠᠤᠯᠢ ᠶᠢ ᠰᠠᠬᠢᠭᠰᠠᠳ ᠢ《 ᠤᠴᠢᠷ ᠥᠬᠡᠶ ᠪᠣᠯ ᠦᠢᠮᠡᠭᠦᠯᠬᠦ ᠥᠬᠡᠶ 》ᠪᠣᠯᠭᠠᠨ᠎ᠠ᠃ ᠲᠣᠰ | ᠵᠢᠯ ᠳᠤ 5 ᠪᠦᠯᠦᠭ ᠤᠳᠠᠭ᠎ᠠ ᠰᠤᠭᠤᠴᠢᠨ ᠪᠠᠶᠢᠴᠠᠭᠠᠯᠲᠠ ᠬᠢᠬᠦ ᠪᠠᠷ ᠵᠢᠱᠢᠵᠦ ᠪᠣᠶ᠂ ᠡᠭᠦᠨ ᠳᠤ 3 ᠪᠦᠯᠦᠭ | ᠤᠳᠠᠭ᠎ᠠ ᠲᠣᠰ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠯᠲᠠ ᠪᠠ 2 ᠪᠦᠯᠦᠭ ᠤᠳᠠᠭ᠎ᠠ ᠰᠠᠯᠠᠭ᠎ᠠ ᠮᠥᠴᠢᠷ | ᠠᠯᠤᠰᠯᠠᠨ ᠰᠤᠭᠤᠴᠢᠨ ᠪᠠᠶᠢᠴᠠᠭᠠᠯᠲᠠ ᠪᠠᠭᠲᠠᠵᠤ᠂ ᠨᠡᠶᠢᠲᠡ 12 ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ | ᠬᠢᠨ᠎ᠠ᠃ | | | | | | |