《 ᠤᠷᠢᠳᠠᠪᠠᠷ ᠴᠤᠬᠢᠨ ᠳᠠᠷᠠᠭ᠎ᠠ ᠨᠢ ᠨᠥᠬᠦᠪᠥᠷᠢᠯᠡᠬᠦ 》ᠲᠥᠷᠥ ᠶᠢᠨ ᠪᠣᠳᠣᠯᠭ᠎ᠠ ᠶᠢᠨ ᠤᠷᠤᠭᠰᠢᠲᠠᠶ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ᠮᠠᠯ ᠠᠵᠤ ᠠᠬᠤᠶ ᠶᠢᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠶᠢᠨ ᠲᠤᠰᠠᠳᠠ᠂ 3 ᠰᠠᠷ᠎ᠠ ᠶᠢᠨ 27 ᠤ ᠡᠳᠦᠷ᠂ | ᠵᠢᠤ ᠶᠤᠸᠠᠨ ᠲᠤᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠨᠢ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠯᠪᠠᠳᠠᠯᠭ᠎ᠠ ᠪᠠᠷ ᠡᠭᠡᠯᠢᠯᠡᠭᠡ《 ᠤᠷᠢᠳᠠᠪᠠᠷ ᠴᠤᠬᠢᠨ ᠳᠠᠷᠠᠭ᠎ᠠ ᠨᠢ | ᠨᠥᠬᠦᠪᠥᠷᠢᠯᠡᠬᠦ 》ᠡᠬᠢᠯᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠵᠢᠦ ᠶᠤᠸᠠᠨ | ᠲᠣᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ | ᠠᠵᠢᠯᠲᠠᠨ᠂ ᠡᠯ᠎ᠡ ᠰᠢᠶᠠᠩ ᠪᠠᠯᠭᠠᠰᠤᠨ ᠤ ᠲᠡᠵᠢᠭᠡᠨ ᠦᠷᠡᠵᠢᠭᠦᠯᠬᠦ ᠲᠠᠯᠠᠪᠠᠶ ( ᠡᠷᠦᠬᠡ ) ᠶᠢᠨ ᠲᠥᠯᠥᠭᠡᠯᠡᠭᠴᠢ | ᠬᠤᠷᠠᠯ ᠳᠤ ᠣᠷᠣᠯᠴᠠᠪᠠ᠃ | | | | ᠬᠤᠷᠠᠯ ᠠᠴᠠ ᠣᠳᠣᠬᠠᠨ ᠤ《 ᠵᠢᠭᠦᠷᠲᠡᠨ ᠤ ᠬᠠᠯᠳᠠᠪᠤᠷᠢᠲᠤ ᠲᠠᠭᠰᠢᠭᠤᠷ 》 ᠤᠨ ᠡᠪᠡᠳᠴᠢᠨ ᠳᠡᠯᠭᠡᠷᠡᠵᠦ | ᠪᠠᠶᠢᠭ᠎ᠠ ᠪᠠᠶᠢᠳᠠᠯ ᠵᠢᠴᠢ《 ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ H 5 | ᠪᠣᠯᠤᠨ H 7 》 ᠤᠨ ᠬᠤᠣᠷ ᠢ ᠰᠡᠷᠭᠡᠶᠢᠯᠡᠨ ᠬᠢᠵᠠᠭᠠᠷᠯᠠᠬᠤ ᠭᠤᠣᠯᠳᠠᠯᠭ᠎ᠠ ᠶᠢᠨ ᠲᠤᠬᠠᠶ ᠨᠠᠷᠢᠨ ᠲᠠᠶᠢᠯᠪᠤᠷᠢ ᠬᠢᠵᠦ᠂ | ᠲᠡᠵᠢᠭᠡᠨ ᠦᠷᠡᠵᠢᠭᠦᠯᠬᠦ ᠲᠠᠯᠠᠪᠠᠶ ( ᠡᠷᠦᠬᠡ ) ᠳᠤ ᠣᠨᠣᠯ ᠤᠨ ᠪᠠ ᠮᠡᠷᠭᠡᠵᠢᠯ ᠤᠨ ᠳᠡᠮᠵᠢᠯᠭᠡ ᠬᠠᠩᠭᠠᠵᠠᠶ᠃ | ᠡᠭᠦᠨ ᠠᠴᠠ ᠭᠠᠳᠠᠨ᠎ᠠ᠂ ᠲᠤᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ | ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠭᠡ ᠶᠢᠨ〈 ᠤᠷᠢᠳᠠᠪᠠᠷ ᠴᠤᠬᠢᠨ ᠳᠠᠷᠠᠭ᠎ᠠ ᠨᠢ ᠨᠥᠬᠦᠪᠥᠷᠢᠯᠡᠬᠦ 〉 | ᠠᠵᠢᠯ ᠤᠨ ᠲᠥᠰᠦᠯ ( 2025 ᠣᠨ ᠤ ᠬᠡᠪᠯᠡᠯ ) 》 ᠳᠤ ᠲᠠᠶᠢᠯᠤᠮᠵᠢ ᠬᠢᠵᠦ᠂ ᠥᠪᠥᠷ ᠮᠣᠩᠭᠤᠯ ᠤᠨ ᠮᠦ ᠶᠦᠨ | ᠲᠦᠩ APP ᠶᠢᠨ ᠠᠵᠢᠯᠯᠠᠬᠤ ᠴᠤᠪᠤᠷᠠᠯ ᠳᠤ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ | ᠬᠢᠪᠠ᠃ | | | | | | | | |