《〈 ᠪᠤᠭᠤᠲᠤ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ | ᠦᠨᠡᠯᠡᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ( ᠲᠤᠷᠰᠢᠨ ᠬᠡᠷᠡᠭᠵᠢᠭᠦᠯᠬᠦ ) ( ᠵᠠᠰᠠᠪᠤᠷᠢ | ᠣᠷᠣᠭᠤᠯᠤᠭᠰᠠᠨ ᠨᠤᠤᠷᠠᠭ ) ᠶᠢ ᠤᠯᠠᠮᠵᠢᠯᠠᠨ ᠶᠠᠪᠤᠭᠤᠯᠬᠤ ᠲᠤᠬᠠᠶ ᠵᠢᠦ ᠶᠤᠸᠠᠨ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠡᠳᠡᠭᠳᠡᠯ 》 ᠤᠨ ᠱᠠᠭᠠᠷᠳᠠᠯᠭ᠎ᠠ | ᠶᠣᠰᠣᠭᠠᠷ᠂ ᠤᠯᠤᠰ ᠤᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ | ᠦᠨᠳᠦᠰᠦᠯᠡᠨ᠂ ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠳᠠᠯ ᠠᠬᠤᠶ ᠶᠢᠨ | ᠬᠦᠷᠢᠶ᠎ᠡ ᠬᠡᠪᠴᠢᠶ᠎ᠡ ᠳᠠᠬᠢ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠥᠷᠨᠢᠭᠦᠯᠪᠡ᠃ | ᠨᠢᠭᠡ᠂ ᠥᠷᠨᠢᠭᠦᠯᠦᠭᠰᠡᠨ ᠪᠠᠶᠢᠳᠠᠯ | 《 ᠪᠤᠭᠤᠲᠤ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ | ᠦᠨᠡᠯᠡᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ( ᠲᠤᠷᠰᠢᠨ ᠬᠡᠷᠡᠭᠵᠢᠭᠦᠯᠬᠦ ) 》 ᠶᠢᠨ | ᠲᠣᠭᠲᠠᠭᠠᠯ ᠶᠣᠰᠣᠭᠠᠷ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢ ᠢᠲᠡᠭᠡᠮᠵᠢ ᠶᠢᠨ ᠰᠢᠰᠲ᠋ᠧᠮ ᠤᠨ ᠲᠠᠪᠴᠠᠩ ᠠᠴᠠ | ᠴᠤᠭᠯᠠᠭᠤᠯᠤᠭᠰᠠᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠶᠢ | ᠦᠨᠳᠦᠰᠦᠯᠡᠨ᠂《 ᠪᠤᠭᠤᠲᠤ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ | ᠢᠲᠡᠭᠡᠮᠵᠢ ᠶᠢᠨ ᠦᠨᠡᠯᠡᠯᠲᠡ ᠶᠢᠨ ᠬᠤᠪᠢ ᠪᠤᠳᠤᠬᠤ ᠪᠠᠷᠢᠮᠵᠢᠶ᠎ᠠ ( ᠲᠤᠷᠰᠢᠨ ᠬᠡᠷᠡᠭᠵᠢᠭᠦᠯᠬᠦ ) 》 ᠪᠠᠷ | ᠳᠠᠮᠵᠢᠭᠤᠯᠤᠨ ᠲᠣᠬᠢᠷᠠᠭᠤᠯᠤᠭᠰᠠᠨ ᠠᠭᠤᠯᠭ᠎ᠠ᠂ ᠬᠤᠪᠢ ᠪᠤᠳᠤᠬᠤ ᠪᠠᠷᠢᠮᠵᠢᠶ᠎ᠠ ᠵᠡᠷᠭᠡ ᠠᠦ᠋ᠲ᠋ᠣ᠋ ᠪᠦᠷᠢᠳᠬᠡᠯ ᠤᠨ | ᠬᠤᠪᠢ ᠶᠢᠨ ᠥᠷᠲᠡᠭ ᠢ ᠪᠦᠷᠢᠳᠬᠡᠬᠦ ᠶᠢᠨ ᠬᠠᠮᠲᠤ᠂ ᠬᠤᠪᠢ ᠬᠤᠪᠢᠶᠠᠭᠰᠠᠨ ᠥᠷᠲᠡᠭ ᠢᠶᠠᠷ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠵᠡᠷᠭᠡ ᠳᠡᠰ ᠢ ᠬᠤᠪᠢᠶᠠᠷᠢᠯᠠᠬᠤ ᠠᠷᠭ᠎ᠠ ᠮᠠᠶ᠋ᠢᠭ ᠢᠶᠠᠷ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠰᠠᠭᠤᠷᠢ ᠮᠡᠳᠡᠭᠡ ᠵᠠᠩᠭᠢ᠂ ᠡᠵᠡᠩᠨᠡᠯᠲᠡ ᠶᠢᠨ ᠠᠮᠵᠢᠯᠲᠠ | ᠪᠦᠲᠦᠮᠵᠢ᠂ ᠰᠠᠶᠢᠨ ᠰᠠᠶᠢᠬᠠᠨ ᠤᠶᠢᠯᠠ ᠠᠵᠢᠯᠯᠠᠭ᠎ᠠ᠂ ᠥᠮᠴᠢᠲᠡᠨ ᠤ ᠬᠠᠨᠤᠮᠵᠢ ᠶᠢᠨ ᠬᠡᠮᠵᠢᠶ᠎ᠡ ᠪᠠ ᠵᠢᠷᠤᠮᠵᠢᠯ ᠥᠬᠡᠶ | ᠦᠢᠯᠡ ᠠᠵᠢᠯᠯᠠᠭ᠎ᠠ ᠵᠡᠷᠭᠡ 5 ᠶᠡᠭᠡ ᠵᠦᠢᠯ ᠤᠨ ᠠᠭᠤᠯᠭ᠎ᠠ ᠳᠤ ᠲᠣᠰ ᠲᠤᠰ ᠢᠲᠡᠭᠡᠮᠵᠢ ᠶᠢᠨ ᠦᠨᠡᠯᠡᠯᠲᠡ ᠬᠢᠨ᠎ᠠ᠃ | ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠵᠡᠷᠭᠡ ᠳᠡᠰ ᠢ AAA ( ᠰᠢᠯᠢᠳᠡᠭ )᠂ | AA ( ᠰᠠᠶᠢᠨ )᠂ A ( ᠬᠢᠷᠢ ᠲᠡᠩᠴᠡᠭᠰᠡᠨ )᠂ B ( ᠬᠢᠷᠢ ᠲᠡᠩᠴᠡᠭᠰᠡᠨ ᠦᠭᠡᠶ ) ᠭᠡᠵᠦ ᠳᠥᠷᠪᠡᠨ ᠳᠡᠰ | ᠬᠤᠪᠢᠶᠠᠨ᠎ᠠ᠃ | ᠠᠳᠠᠯ ᠠᠬᠤᠢ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠢᠲᠡᠭᠡᠮᠵᠢ ᠶᠢ ᠦᠨᠡᠯᠡᠭᠰᠡᠨ ᠦᠷ᠎ᠡ ᠳ᠋ᠦᠩ ᠢ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠬᠤ᠂ ᠠᠳᠠᠯ ᠠᠬᠤᠢ ᠶᠢᠨ | ᠦᠢᠯᠡᠴᠢᠯᠡᠭᠡᠨ ᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ᠂ ᠠᠵᠢᠯ ᠲᠥᠷᠥᠯ ᠤᠨ | ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠤᠨ ᠱᠠᠩᠨᠠᠯ ᠲᠣᠭᠲᠠᠭᠠᠬᠤ ᠠᠵᠢᠯᠯᠠᠭ᠎ᠠ᠂ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠰᠣᠩᠭᠤᠨ ᠤᠷᠢᠬᠤ ᠵᠢᠴᠢ ᠠᠳᠠᠯ ᠠᠬᠤᠢ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠦᠷᠢᠶᠡᠴᠢᠯᠡᠭᠰᠡᠨ ᠬᠠᠮᠢᠶᠠᠷᠤᠯᠲᠠ ᠵᠡᠷᠭᠡ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠢᠲᠡᠭᠡᠮᠵᠢ ᠲᠠᠢ | ᠪᠠᠶᠢᠬᠤ ᠶᠢ ᠵᠤᠷᠢᠭᠵᠢᠭᠤᠯᠬᠤ ᠂ ᠢᠲᠡᠭᠡᠮᠵᠢ ᠪᠠᠨ ᠠᠯᠳᠠᠪᠠᠯ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠬᠤᠶᠠᠷ᠂ ᠣᠯᠤᠭᠰᠠᠨ ᠦᠷ᠎ᠡ ᠪᠦᠲᠦᠮᠵᠢ | ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠳᠤ ᠢᠯᠡ᠂ ᠡᠷᠬᠡ | ᠲᠡᠭᠰᠢ᠂ ᠲᠥᠪ ᠭᠤᠤᠯᠴᠢ ᠪᠠ ᠢᠲᠡᠭᠡᠮᠵᠢ ᠲᠠᠢ ᠪᠠᠶᠢᠪᠠᠯ ᠱᠠᠩᠨᠠᠬᠤ᠂ ᠢᠲᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠵᠠᠷᠴᠢᠮ ᠶᠣᠰᠣᠭᠠᠷ᠂ ᠮᠠᠨ ᠤ ᠲᠣᠭᠤᠷᠢᠭ ᠤᠨ 2021 ᠣᠨ ᠤ 11 ᠰᠠᠷ᠎ᠠ ᠳᠤ ᠨᠡᠶᠢᠲᠡᠯᠡᠭᠰᠡᠨ《 | ᠵᠢᠤ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠦᠯ 》 ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠣᠰᠣᠭᠠᠷ᠂《 ᠭᠤᠷᠪᠠᠨ ᠳᠡᠰ ᠤᠨ ᠠᠳᠠᠯ ᠠᠬᠤᠶ 》 ᠶᠢᠨ ᠬᠠᠮᠢᠶᠠᠷᠤᠯᠲᠠ ᠶᠢᠨ ᠰᠢᠰᠲ᠋ᠧᠮ ᠢ ᠠᠬᠢᠭᠤᠯᠵᠤ᠂ | ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠡᠷ ᠬᠤᠷᠢᠶᠠᠯᠠᠯ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ | ᠠᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠮᠠᠨ ᠤ ᠲᠣᠪᠴᠢᠶ᠎ᠠ ᠠᠳᠠᠯ ᠠᠬᠤᠶ ᠶᠢᠨ ᠠᠵᠤ ᠠᠬᠤᠶᠢᠯᠠᠯ ᠤᠨ | ᠡᠳᠦᠷ ᠲᠤᠲᠤᠮ ᠤᠨ ᠬᠢᠨᠠᠯᠲᠠ ᠲᠠᠯᠪᠢᠵᠤ ᠬᠢᠨᠠᠨ ᠰᠢᠯᠭᠠᠬᠤ ᠠᠵᠢᠯ ᠢ ᠭᠠᠵᠠᠷ ᠣᠷᠣᠨ ᠬᠦᠷᠲᠡᠯ᠎ᠡ ᠤᠷᠲᠤᠳᠬᠠᠵᠤ᠂ | ᠭᠠᠵᠠᠷ ᠣᠷᠣᠨ ᠤ ᠳᠡᠭᠡᠭᠰᠢ ᠮᠡᠳᠡᠭᠦᠯᠦᠭᠰᠡᠨ ᠠᠳᠠᠯ ᠠᠬᠤᠶ ᠶᠢᠨ ᠠᠵᠤ ᠠᠬᠤᠶᠢᠯᠠᠯ ᠤᠨ ᠵᠢᠷᠤᠮᠵᠢᠯ ᠥᠬᠡᠶ ᠦᠢᠯᠡ | ᠠᠵᠢᠯᠯᠠᠭ᠎ᠠ ᠪᠠ ᠡᠳᠦᠷ ᠲᠤᠲᠤᠮ ᠤᠨ ᠢᠯᠡᠷᠡᠭᠦᠯᠦᠭᠰᠡᠨ ᠵᠢᠷᠤᠮᠵᠢᠯ ᠥᠬᠡᠶ ᠤᠶᠢᠯᠠ ᠠᠵᠢᠯᠯᠠᠭ᠎ᠠ ᠶᠢ ᠳᠡᠭᠡᠭᠰᠢ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠮᠡᠳᠡᠭᠦᠯᠵᠦ ᠪᠥᠬᠦ ᠬᠤᠲᠠ ᠶᠢᠨ ᠠᠳᠠᠯ ᠠᠬᠤᠶ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ | ᠰᠢᠰᠲ᠋ᠧᠮ ᠳᠤ ᠪᠤᠳᠤᠵᠤ ᠣᠷᠣᠭᠤᠯᠤᠨ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠵᠢᠯ ᠪᠦᠷᠢ ᠶᠢᠨ ᠡᠬᠢᠨ ᠳᠤ ᠪᠥᠬᠦ ᠬᠤᠲᠠ ᠶᠢᠨ ᠠᠳᠠᠯ ᠠᠬᠤᠶ ᠶᠢᠨ ᠠᠵᠤ | ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠬᠤᠪᠢ ᠣᠯᠤᠭᠰᠠᠨ ᠪᠠᠶᠢᠳᠠᠯ ᠢ ᠵᠢᠭᠰᠠᠭᠠᠵᠤ᠂ ᠨᠡᠷᠡᠰ ᠤᠨ | ᠵᠢᠭᠰᠠᠭᠠᠯᠲᠠ ᠶᠢᠨ ᠦᠷ᠎ᠡ ᠳ᠋ᠦᠩ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠠ ᠪᠤᠰᠤᠳ ᠠᠷᠭ᠎ᠠ ᠵᠠᠮ ᠢᠶᠠᠷ ᠳᠠᠮᠵᠢᠭᠤᠯᠤᠨ | ᠨᠡᠶᠢᠭᠡᠮ ᠳᠤ ᠨᠡᠶᠢᠲᠡᠯᠡᠨ᠎ᠡ᠃ | ᠤᠳᠤ ᠪᠣᠯᠲᠠᠯ᠎ᠠ᠂ ᠵᠢᠤ ᠶᠤᠸᠠᠨ ᠲᠣᠭᠤᠷᠢᠭ ᠲᠤ ᠠᠳᠠᠯ ᠠᠬᠤᠶ ᠶᠢᠨ ᠦᠢᠯᠡᠴᠢᠯᠡᠭᠡᠨ ᠤ 22 ᠠᠵᠤ ᠠᠬᠤᠶᠢᠯᠠᠯ | ᠢᠲᠡᠭᠡᠮᠵᠢ ᠶᠢᠨ ᠦᠨᠡᠯᠡᠯᠲᠡ ᠳᠤ ᠣᠷᠣᠯᠴᠠᠵᠤ᠂ ᠡᠭᠦᠨ ᠳᠤ : AAAᠲᠠᠰ ᠤᠨ ᠠᠵᠤ ᠠᠬᠤᠶᠢᠯᠠᠯ 2᠂ AA | ᠲᠠᠰ ᠤᠨ ᠠᠵᠤ ᠠᠬᠤᠶᠢᠯᠠᠯ 11᠂ A ᠲᠠᠰ ᠤᠨ ᠠᠵᠤ ᠠᠬᠤᠶᠢᠯᠠᠯ 6᠂ ᠬᠠᠷ᠎ᠠ ᠲᠠᠩᠰᠠ ᠶᠢᠨ ᠠᠵᠤ ᠠᠬᠤᠶᠢᠯᠠᠯ 3 | ᠪᠣᠶ᠃ | | | | | | |