ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠠᠴᠠ ᠡᠮᠦᠨᠡᠬᠢ ᠠᠶᠦᠯᠭᠦᠢ ᠦᠢᠯᠡᠳᠪᠦᠷᠢᠯᠡᠯ ᠤᠨ | ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 27 ᠤ ᠡᠳᠦᠷ᠂ ᠵᠢᠤ | ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠠᠷᠢᠶᠠᠲᠤ ᠣᠷᠣᠨ ᠳᠠᠬᠢ 5 | ᠵᠢᠭᠠᠰᠤᠨ ᠠᠵᠤ ᠠᠬᠤᠶ ᠶᠢᠨ ᠣᠩᠭᠤᠴᠠ ᠳᠤ ᠲᠤᠰᠬᠠᠶ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ | ᠬᠠᠮᠲᠤ ᠵᠢᠤ ᠶᠤᠸᠠᠨ ᠤ ᠬᠠᠲᠤᠨ ᠭᠤᠤᠯ ᠤᠨ ᠬᠡᠰᠡᠭ ᠤᠨ ᠡᠷᠬᠢᠨ ᠲᠣᠭᠤᠷᠢᠨ ᠤ ᠤᠰᠤᠨ ᠭᠠᠷᠤᠯᠲᠠ ᠶᠢᠨ ᠲᠡᠵᠢᠭᠡᠨ | ᠦᠷᠡᠵᠢᠭᠦᠯᠬᠦ ᠡᠷᠦᠬᠡ ᠳᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠲᠦᠷᠢᠮ ᠤᠨ ᠤᠬᠠᠭᠤᠯᠭ᠎ᠠ ᠬᠢᠵᠦ᠂ | ᠵᠢᠭᠠᠰᠤᠨ ᠠᠵᠤ ᠠᠬᠤᠶ ᠶᠢᠨ ᠠᠶᠦᠯᠭᠦᠢ ᠦᠢᠯᠡᠳᠪᠦᠷᠢᠯᠡᠯ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠳᠠᠪᠬᠤᠷ | ᠰᠡᠷᠭᠡᠶᠢᠯᠡᠯᠲᠡ ᠶᠢᠨ ᠱᠤᠭᠤᠮ ᠢ ᠪᠠᠲᠤᠳᠬᠠᠪᠠ᠃ | | | | ᠠᠵᠢᠯᠲᠠᠳ ᠣᠩᠭᠤᠴᠠ ᠶᠢᠨ ᠦᠨᠡᠮᠯᠡᠯ ᠤᠨ ᠬᠦᠴᠦᠨ ᠲᠠᠢ ᠴᠢᠨᠠᠷ ᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ | ᠣᠩᠭᠤᠴᠠᠴᠢᠨ ᠤ ᠦᠨᠡᠮᠯᠡᠯ᠂ ᠣᠩᠭᠤᠴᠠ ᠪᠠᠶᠢᠴᠠᠭᠠᠬᠤ ᠦᠨᠡᠮᠯᠡᠯ ᠵᠡᠷᠭᠡ ᠬᠠᠤᠯᠢ ᠪᠠᠷ ᠲᠣᠭᠲᠠᠭᠠᠭᠰᠠᠨ ᠦᠨᠡᠮᠯᠡᠯ ᠢ | ᠨᠢᠭᠡᠳ ᠨᠢᠭᠡ ᠪᠠᠷ ᠬᠢᠨᠠᠨ ᠰᠢᠯᠭᠠᠬᠤ ᠶᠢᠨ ᠬᠠᠮᠲᠤ ᠣᠩᠭᠤᠴᠠ ᠵᠣᠭᠰᠣᠬᠤ ᠪᠠᠶᠢᠳᠠᠯ ᠵᠢᠴᠢ ᠠᠮᠤᠷ ᠲᠦᠪᠰᠢᠨ ᠤ | ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠠᠶ᠃ | ᠪᠠᠶᠢᠴᠠᠭᠠᠭᠰᠠᠨ ᠢᠶᠠᠷ᠂ 2 ᠣᠩᠭᠤᠴᠠ ᠬᠡᠪ ᠤᠨ ᠪᠠᠶᠢᠳᠠᠯ ᠢᠶᠠᠷ ᠵᠣᠭᠰᠣᠬᠤ ᠪᠠᠶᠢᠳᠠᠯ ᠳᠤ ᠪᠠᠶᠢᠵᠤ᠂ 3 ᠣᠩᠭᠤᠴᠠ | ᠨᠢ ᠤᠯᠠᠷᠢᠯ ᠤᠨ ᠴᠢᠨᠠᠷᠲᠠᠶ ᠰᠢᠯᠲᠠᠭᠠᠨ ᠠᠴᠠ ᠪᠣᠯᠵᠣ ᠡᠷᠭᠢ ᠳᠡᠭᠡᠷ᠎ᠡ ᠠᠵᠢᠯ ᠢᠶᠠᠨ ᠵᠣᠭᠰᠣᠭᠠᠵᠤ ᠬᠠᠮᠠᠭᠠᠯᠠᠬᠤ | ᠱᠠᠲᠤᠨ ᠳᠤ ᠪᠠᠶᠢᠵᠤ᠂ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠣᠯᠵᠤ ᠮᠡᠳᠡᠭᠰᠡᠨ ᠥᠬᠡᠶ᠃ | ᠠᠵᠢᠯᠲᠠᠳ ᠲᠤᠬᠠᠶ ᠶᠢᠨ ᠲᠠᠯᠠᠪᠠᠶ ᠳᠤ ᠣᠩᠭᠤᠴᠠᠨ ᠤ ᠡᠵᠡᠨ ᠢ ᠠᠶᠦᠯᠭᠦᠢ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠵᠢᠭᠠᠰᠤ ᠠᠩᠨᠠᠬᠤ ᠶᠢ ᠴᠠᠭᠠᠵᠠᠯᠠᠬᠤ | ᠬᠤᠭᠤᠴᠠᠭᠠᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠣᠩᠭᠤᠴᠠ ᠰᠠᠯ ᠢ ᠪᠠᠶᠢᠴᠠᠭᠠᠨ ᠵᠠᠰᠠᠵᠤ | ᠠᠷᠠᠴᠢᠯᠠᠨ ᠬᠠᠮᠠᠭᠠᠯᠠᠬᠤ ᠵᠢᠴᠢ ᠳᠠᠯᠳᠠ ᠬᠡᠮ ᠢ ᠥᠪᠡᠰᠦᠪᠡᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠵᠢᠭᠠᠰᠤ ᠠᠩᠨᠠᠬᠤ ᠶᠢ | ᠴᠠᠭᠠᠵᠠᠯᠠᠬᠤ ᠬᠤᠭᠤᠴᠠᠭᠠᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ | ᠨᠠᠷᠢᠨ ᠲᠠᠶᠢᠯᠪᠤᠷᠢᠯᠠᠵᠤ᠂ ᠬᠠᠤᠯᠢ ᠠᠴᠠ ᠵᠥᠷᠢᠴᠡᠨ ᠠᠩᠨᠠᠵᠤ ᠱᠦᠭᠦᠬᠦ᠂ ᠲᠣᠭᠲᠠᠭᠠᠯ ᠠᠴᠠ ᠵᠥᠷᠢᠴᠡᠨ ᠠᠵᠢᠯᠯᠠᠬᠤ | ᠬᠦᠨᠳᠦ ᠨᠣᠴᠢᠲᠠᠶ ᠦᠷ᠎ᠡ ᠳ᠋ᠦᠩ ᠢ ᠭᠤᠤᠯᠳᠠᠯᠭ᠎ᠠ ᠲᠠᠢ ᠴᠢᠬᠤᠯᠠᠴᠢᠯᠠᠵᠤ᠂ ᠬᠠᠲᠤᠨ ᠭᠤᠤᠯ ᠤᠨ ᠬᠡᠰᠡᠭ ᠲᠤ | ᠦᠷᠭᠦᠯᠵᠢ ᠲᠣᠬᠢᠶᠠᠯᠳᠤᠳᠠᠭ ᠮᠤᠩᠬᠠᠷᠠᠭᠤᠯᠬᠤ ᠵᠢᠭᠰᠠᠭᠠᠯ᠂ ᠰᠢᠩᠭᠡᠯᠢᠭ ᠲᠤᠤᠷ ᠵᠡᠷᠭᠡ ᠲᠣᠭᠲᠠᠭᠠᠯ ᠠᠴᠠ ᠵᠥᠷᠢᠴᠡᠨ | ᠠᠩᠨᠠᠵᠤ ᠱᠦᠭᠦᠬᠦ ᠲᠤᠤᠷ ᠪᠠᠭᠠᠵᠢ ᠳᠤ ᠴᠢᠭᠯᠡᠭᠦᠯᠦᠨ᠂ ᠠᠵᠢᠯᠲᠠᠳ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ | ᠪᠠᠶᠢᠭᠠᠳ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠲᠡᠳᠡᠨ ᠢ ᠵᠢᠭᠠᠰᠤᠨ ᠠᠵᠤ | ᠠᠬᠤᠶ ᠶᠢᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠪᠠ᠃ | ᠲᠤᠰ ᠤᠳᠠᠭᠠᠨ ᠤ ᠠᠵᠢᠯᠯᠠᠭ᠎ᠠ ᠨᠢ ᠪᠠᠶᠢᠴᠠᠭᠠᠬᠤ ᠪᠠ ᠤᠬᠠᠭᠤᠯᠬᠤ ᠶᠢ ᠤᠶᠠᠯᠳᠤᠭᠤᠯᠵᠤ᠂ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠶ ᠳᠤᠨᠢ ᠵᠢᠭᠠᠨ ᠭᠠᠷᠭᠠᠬᠤ ᠶᠢᠨ ᠬᠠᠮᠲᠤ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ | ᠵᠢᠭᠠᠰᠤᠨ ᠠᠵᠤ ᠠᠬᠤᠶ ᠶᠢᠨ ᠣᠩᠭᠤᠴᠠ ᠰᠠᠯ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠬᠢᠭᠡᠳ ᠵᠢᠭᠠᠰᠤ | ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠬᠠᠤᠯᠢ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠪᠠ᠃ | | | | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠱᠠᠯᠠᠪᠳᠠᠨ ᠪᠠᠶᠢᠴᠠᠭᠠᠬᠤ ᠶᠢ | ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠭᠠᠰᠤᠨ ᠠᠵᠤ ᠠᠬᠤᠶ ᠶᠢᠨ ᠠᠶᠦᠯᠭᠦᠢ | ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ | ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ《 ᠬᠠᠤᠯᠢ ᠬᠡᠷᠡᠭᠵᠢᠭᠦᠯᠬᠦ + | ᠤᠬᠠᠭᠤᠯᠭ᠎ᠠ 》 ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠰᠠᠶᠢᠲᠤᠷ ᠬᠢᠵᠦ᠂ ᠰᠢᠨ᠎ᠡ | ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠬᠦᠷᠭᠡᠬᠦ᠂ ᠲᠣᠰᠬᠤᠨ ᠤ ᠠᠷᠠᠳ ᠤᠨ ᠵᠥᠪᠯᠡᠯ ᠤᠨ ᠷᠠᠳᠢᠣ᠋ | ᠨᠡᠪᠲᠡᠷᠡᠭᠦᠯᠭᠡ ᠵᠡᠷᠭᠡ ᠣᠯᠠᠨ ᠠᠷᠭ᠎ᠠ ᠵᠠᠮ ᠢᠶᠠᠷ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ᠃ | | | | | | |