ᠬᠠᠷᠢᠶ᠎ᠠ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠬᠦ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠵᠢᠤ ᠶᠤᠸᠠᠨ ᠲᠤᠭᠤᠷᠢᠭ ᠤᠨ ᠬᠤᠪᠢᠶᠠᠷᠢ ᠲᠣᠪᠴᠢᠶ᠎ᠠ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠵᠢᠴᠢ ᠬᠠᠲᠤᠨ ᠭᠤᠤᠯ ᠤᠨ ᠨᠤᠭᠤ ᠭᠠᠵᠠᠷ ᠤᠨ ᠵᠢᠤ ᠶᠤᠸᠠᠨ ᠲᠣᠭᠤᠷᠢᠭ ᠤᠨ ᠬᠡᠰᠡᠭ ᠲᠤ ᠪᠥᠬᠦ ᠲᠠᠯ᠎ᠠ ᠶᠢᠨ᠂ | ᠨᠠᠷᠢᠯᠢᠭ ᠠᠬᠤᠶ ᠲᠠᠯᠠᠪᠠᠶ ᠳᠤ ᠪᠠᠶᠢᠴᠠᠭᠠᠯᠲᠠ ᠬᠢᠪᠠ᠃ | | | | ᠲᠣᠰ ᠤᠳᠠᠭᠠᠨ ᠤ ᠪᠠᠶᠢᠴᠠᠭᠠᠯᠲᠠ ᠳᠤ ᠬᠠᠤᠯᠢ ᠪᠤᠰᠤ ᠪᠠᠷ ᠠᠭᠤᠷᠬᠠᠶ ᠮᠠᠯᠲᠠᠬᠤ᠂ ᠪᠣᠬᠢᠷ ᠪᠣᠳᠠᠰ | ᠭᠠᠳᠠᠭᠰᠢᠯᠠᠭᠤᠯᠬᠤ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠳᠤᠷ᠎ᠠ ᠪᠠᠷ ᠢᠶᠠᠨ ᠪᠥᠲᠥᠭᠡᠨ ᠪᠠᠶᠢᠭᠤᠯᠬᠤ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠲᠣᠪᠤᠶᠢᠮ᠎ᠠ ᠦᠢᠯᠡ ᠠᠵᠢᠯᠯᠠᠭ᠎ᠠ ᠶᠢᠨ ᠲᠣᠭᠤᠷᠢᠨ ᠳᠤ᠂ ᠲᠤᠤᠷ ᠲᠠᠲᠠᠬᠤ | ᠮᠠᠶ᠋ᠢᠭ ᠤᠨ ᠪᠠᠶᠢᠴᠠᠭᠠᠯᠲᠠ ᠥᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠤᠪᠢᠶᠠᠷᠢ ᠲᠣᠪᠴᠢᠶ᠎ᠠ ᠠᠷᠭ᠎ᠠ | ᠬᠡᠯᠪᠡᠷᠢ ᠪᠠᠨ ᠰᠢᠨᠡᠴᠢᠯᠡᠵᠦ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠪᠠ ᠪᠣᠳᠠᠲᠠᠶ ᠭᠠᠵᠠᠷ ᠲᠤᠨᠢ | ᠬᠠᠷᠭᠤᠭᠤᠯᠤᠨ ᠪᠠᠶᠢᠴᠠᠭᠠᠬᠤ ᠶᠢ ᠤᠶᠠᠯᠳᠤᠭᠤᠯᠬᠤ ᠪᠠᠷ ᠵᠢᠭᠰᠠᠭᠠᠨ ᠪᠠᠶᠢᠴᠠᠭᠠᠬᠤ ᠳᠤ ᠥᠨᠴᠥᠭ ᠪᠤᠯᠤᠩ ᠥᠬᠡᠶ | ᠪᠠᠶᠢᠬᠤ ᠶᠢ ᠦᠨᠡᠨ ᠬᠦ ᠪᠠᠲᠤᠯᠠᠪᠠ᠃ ᠪᠦᠬᠦ ᠲᠠᠯ᠎ᠠ ᠶᠢᠨ ᠪᠠᠶᠢᠴᠠᠭᠠᠯᠲᠠ ᠪᠠᠷ᠂ ᠵᠢᠤ ᠶᠤᠸᠠᠨ ᠲᠣᠭᠤᠷᠢᠭ ᠤᠨ ᠮᠡᠷᠭᠡᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠳᠤᠨ ᠭᠤᠣᠯ ᠤᠨ ᠨᠤᠭᠤ ᠭᠠᠵᠠᠷ ( ᠵᠢᠤ ᠶᠤᠸᠠᠨ ᠲᠣᠭᠤᠷᠢᠭ ᠤᠨ | ᠬᠡᠰᠡᠭ ) ᠤᠨ ᠨᠢᠭᠡᠨᠲᠡ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠭᠰᠡᠨ ᠠᠮᠢ ᠠᠬᠤᠢ ᠶᠢᠨ | ᠬᠠᠮᠠᠭᠠᠯᠠᠯᠲᠠ ᠶᠢᠨ ᠠᠰᠠᠭᠤᠳᠠᠯ ᠲᠠᠬᠢᠨ ᠡᠭᠦᠰᠦᠭᠰᠡᠨ ᠦᠭᠡᠢ᠂ ᠣᠷᠣᠨ ᠪᠦᠰᠡ ᠶᠢᠨ ᠳᠣᠲᠣᠷ᠎ᠠ ᠠᠶᠠᠨᠳᠠᠭᠠᠨ | ᠰᠡᠷᠭᠦᠬᠦ ᠦᠷ᠎ᠡ ᠪᠦᠲᠦᠮᠵᠢ ᠢᠯᠡᠳᠲᠡ ᠪᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠢᠷᠠᠪᠠ᠃ | ᠲᠠᠷᠠᠭᠠᠴᠢ ᠪᠠᠷ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ | ᠲᠣᠭᠤᠷᠢᠭ ᠤᠨ ᠬᠤᠪᠢᠶᠠᠷᠢ ᠲᠣᠪᠴᠢᠶ᠎ᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ ᠶᠢᠨ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂《 ᠥᠴᠦᠬᠡᠨ ᠴᠦ ᠠᠭᠤᠴᠢᠯᠠᠬᠤ ᠥᠬᠡᠶ 》ᠣᠪᠣᠷ ᠢᠶᠠᠷ | ᠡᠯ᠎ᠡ ᠲᠥᠷᠥᠯ ᠤᠨ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ᠂ ᠪᠦᠬᠦᠯᠢ | ᠴᠣᠭᠴᠠ ᠶᠢᠨ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠦᠨᠳᠦᠷᠴᠡ ᠳᠤ ᠬᠦᠴᠦᠨ ᠴᠢᠳᠠᠯ ᠢᠶᠠᠨ ᠡᠷᠭᠦᠨ᠎ᠡ᠃ | | | | | | |