ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ《 ᠪᠡᠶ᠎ᠡ ᠶᠢᠨ ᠬᠦᠨᠳᠦ ᠶᠢᠨ | ᠬᠠᠮᠢᠶᠠᠷᠤᠯᠲᠠ ᠶᠢᠨ ᠣᠨ 》 ᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ᠂ ᠪᠥᠬᠦ ᠠᠷᠠᠳ ᠤᠨ ᠡᠷᠡᠭᠦᠯ | ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠢ ᠬᠠᠪᠰᠤᠷᠤᠨ ᠪᠡᠶ᠎ᠡ ᠶᠢᠨ | ᠬᠦᠨᠳᠦ ᠪᠠᠨ ᠨᠠᠩ ᠰᠠᠶᠢᠨ ᠬᠠᠮᠢᠶᠠᠷᠴᠤ᠂ ᠡᠷᠡᠭᠦᠯ ᠮᠡᠨᠳᠦ ᠠᠮᠢᠳᠤᠷᠠᠯ ᠢ ᠨᠠᠩ ᠰᠠᠶᠢᠨ ᠥᠩᠭᠡᠷᠡᠭᠦᠯᠬᠦ ᠶᠢᠨ ᠲᠥᠯᠥᠭᠡ᠂ | ᠹᠦ᠋ ᠯᠢ ᠭᠡᠷ ᠬᠤᠷᠢᠶᠠᠯᠠᠯ ᠨᠢ ᠰᠠᠶᠢᠬᠠᠨ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠠᠢ ᠬᠠᠮᠲᠤᠷᠠᠨ 2025 ᠣᠨ ᠤ 4 ᠰᠠᠷ᠎ᠠ ᠶᠢᠨ 8 ᠤ ᠡᠳᠦᠷ《 ᠡᠷᠡᠭᠦᠯ ᠮᠡᠨᠳᠦ ᠶᠢᠨ ᠪᠡᠶ᠎ᠡ ᠶᠢᠨ ᠬᠦᠨᠳᠦ᠂ | ᠵᠣᠯ ᠵᠢᠷᠭᠠᠯ ᠲᠠᠢ ᠬᠠᠮᠲᠤ ᠤᠷᠤᠭᠰᠢᠯᠠᠬᠤ 》 ᠪᠠᠷ ᠭᠤᠤᠯ ᠰᠡᠳᠦᠪ ᠪᠣᠯᠭᠠᠭᠰᠠᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠲᠠᠶᠢᠯᠤᠮᠵᠢ ᠵᠢᠴᠢ ᠬᠢᠴᠢᠶᠡᠯ ᠤᠨ ᠳᠠᠷᠠᠭᠠᠬᠢ ᠰᠦᠢᠳᠬᠡᠯ ᠬᠤᠷᠢᠶᠠᠬᠤ ᠥᠬᠡᠶ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠨᠢ ᠮᠠᠰᠢ ᠤᠯᠠᠨ ᠰᠠᠭᠤᠭᠠᠯᠢ | ᠠᠷᠠᠳ ᠤᠨ ᠢᠳᠡᠪᠬᠢᠲᠡᠢ ᠤᠷᠤᠯᠴᠠᠯᠭ᠎ᠠ ᠶᠢ ᠲᠠᠲᠠᠵᠤ᠂ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ | ᠡᠷᠡᠭᠦᠯ ᠮᠡᠨᠳᠦ ᠶᠢᠨ ᠮᠡᠳᠡᠯᠭᠡ ᠪᠣᠯᠤᠨ ᠵᠣᠯ ᠵᠢᠷᠭᠠᠯ ᠤᠨ ᠮᠦᠰᠢᠶᠡᠯ ᠢ ᠤᠯᠪᠠ᠃ | | | | ᠲᠠᠶᠢᠯᠤᠮᠵᠢ ᠶᠢᠨ ᠭᠤᠭᠴᠤᠭ᠎ᠠ ᠳᠤ᠂ ᠪᠢᠳᠡ ᠲᠤᠰᠬᠠᠶ ᠮᠡᠷᠭᠡᠵᠢᠯ ᠤᠨ ᠡᠷᠡᠭᠦᠯ ᠮᠡᠨᠳᠦ ᠶᠢᠨ ᠲᠤᠰᠬᠠᠶ | ᠮᠡᠷᠭᠡᠵᠢᠯᠲᠡᠨ ᠢ ᠤᠷᠢᠵᠤ᠂ ᠣᠯᠠᠨ ᠳᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠴᠢᠬᠤᠯᠠ ᠴᠢᠨᠠᠷ ᠢ ᠭᠦᠨᠵᠡᠭᠡᠶ | ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠪᠠ᠃ ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠪᠡᠶ᠎ᠡ ᠶᠢᠨ | ᠬᠦᠨᠳᠦ ᠶᠢ ᠪᠠᠲᠤᠯᠠᠬᠤ ᠨᠢ ᠪᠢᠳᠡᠨ ᠤ ᠭᠠᠳᠠᠭᠠᠳᠤ ᠳᠦᠷᠢ ᠲᠥᠷᠬᠦ ᠶᠢ ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠨᠠᠩ | ᠣᠯᠠᠨ ᠵᠦᠢᠯ ᠤᠨ ᠤᠳᠠᠭᠠᠨ ᠴᠢᠨᠠᠷᠲᠠᠶ ᠡᠪᠡᠳᠴᠢᠨ᠂ ᠵᠢᠱᠢᠶᠡᠯᠡᠪᠡᠯ ᠰᠢᠬᠢᠷ ᠰᠢᠵᠢᠩ ᠡᠪᠡᠳᠴᠢᠨ᠂ ᠵᠢᠷᠦᠬᠡ ᠴᠢᠰᠤᠨ | ᠰᠤᠳᠠᠯ ᠤᠨ ᠡᠪᠡᠳᠴᠢᠨ ᠵᠡᠷᠭᠡ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ ᠠᠮᠢᠳᠤ ᠳᠦᠷᠰᠦᠯᠢᠭ ᠬᠡᠷᠡᠭ ᠤᠨ | ᠵᠢᠱᠢᠶ᠎ᠡ ᠪᠠ ᠨᠠᠷᠢᠨ ᠨᠢᠭᠲᠠ ᠲᠠᠶᠢᠯᠪᠤᠷᠢᠯᠠᠯᠲᠠ ᠪᠠᠷ ᠳᠡᠮᠵᠢᠨ᠂ ᠡᠷᠡᠭᠦᠯ ᠴᠢᠭᠢᠷᠠᠭ ᠪᠡᠶ᠎ᠡ ᠶᠢᠨ ᠬᠦᠨᠳᠦ ᠨᠢ ᠨᠢᠭᠡ ᠯᠡ | ᠳᠤᠤᠷ᠎ᠠ ᠪᠢᠰᠢ᠂ ᠬᠠᠷᠢᠨ ᠵᠦᠶ ᠵᠣᠬᠢᠰᠲᠠᠶ ᠢᠳᠡᠭᠡᠨ ᠤᠮᠳᠠᠭᠠᠨ ᠪᠠ ᠵᠣᠬᠢᠬᠤ ᠬᠡᠮᠵᠢᠶᠡᠨ ᠤ ᠬᠥᠳᠡᠯᠭᠡᠭᠡᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ ᠭᠡᠳᠡᠭ ᠢ ᠰᠠᠭᠤᠭᠠᠯᠢ ᠠᠷᠠᠳ | ᠣᠶᠢᠯᠠᠭᠠᠵᠤ ᠮᠡᠳᠡᠵᠡᠶ᠃ ᠲᠤᠰᠬᠠᠶ ᠮᠡᠷᠭᠡᠵᠢᠯᠲᠡᠨ ᠪᠠᠰᠠ ᠵᠠᠷᠢᠮ ᠬᠡᠷᠡᠭᠯᠡᠭᠡᠨ ᠤ ᠢᠳᠡᠭᠡᠨ ᠤᠮᠳᠠᠭᠠᠨ ᠤ | ᠰᠠᠨᠠᠭᠤᠯᠭ᠎ᠠ ᠶᠢ ᠬᠤᠪᠢᠶᠠᠯᠴᠠᠪᠠ᠂ ᠵᠢᠱᠢᠶᠡᠯᠡᠪᠡᠯ᠂ ᠢᠯᠴᠢ ᠪᠠᠭ᠎ᠠ᠂ ᠰᠢᠮ᠎ᠡ ᠲᠡᠵᠢᠭᠡᠯ ᠥᠨᠳᠥᠷ ᠢᠳᠡᠭᠡᠨ ᠢ ᠬᠡᠷᠬᠢᠨ | ᠰᠣᠩᠭᠤᠬᠤ᠂ ᠬᠤᠭᠤᠯᠠᠨ ᠫᠢᠯᠠ ᠳᠠᠬᠢ ᠢᠳᠡᠭᠡᠨ ᠤ ᠬᠠᠷᠢᠴᠠᠯ ᠢ ᠬᠡᠷᠬᠢᠨ ᠡᠵᠡᠮᠳᠡᠬᠦ ᠵᠢᠴᠢ ᠡᠳᠦᠷ ᠲᠤᠲᠤᠮ ᠤᠨ | ᠢᠳᠡᠭᠡᠨ ᠤᠮᠳᠠᠭᠠᠨ ᠳᠤ ᠨᠢᠭᠤᠭᠳᠠᠵᠤ ᠪᠠᠶᠢᠭ᠎ᠠ ᠰᠢᠬᠢᠷ ᠥᠨᠳᠥᠷ ᠥᠭᠡᠬᠦ ᠥᠨᠳᠥᠷ ᠤᠨᠠᠭᠤᠯᠢ ᠠᠴᠠ ᠬᠡᠷᠬᠢᠨ | ᠵᠠᠶᠢᠯᠠᠰᠬᠢᠬᠦ ᠪᠣᠶ᠃ ᠡᠭᠦᠨ ᠤ ᠬᠠᠮᠲᠤ᠂ ᠬᠥᠳᠡᠯᠭᠡᠭᠡᠨ ᠤ ᠲᠠᠯ᠎ᠠ ᠪᠠᠷ᠂ ᠲᠤᠰᠬᠠᠶ ᠮᠡᠷᠭᠡᠵᠢᠯᠲᠡᠨ ᠠᠳᠠᠯᠢ ᠪᠤᠰᠤ ᠨᠠᠰᠤ | ᠵᠢᠯ ᠪᠠ ᠪᠡᠶ᠎ᠡ ᠮᠠᠬᠠᠪᠣᠳ ᠤᠨ ᠪᠠᠶᠢᠳᠠᠯ ᠢ ᠦᠨᠳᠦᠰᠦᠯᠡᠨ᠂ ᠥᠪᠡᠷᠮᠢᠴᠡ ᠬᠥᠳᠡᠯᠭᠡᠭᠡᠨ ᠤ ᠲᠥᠯᠥᠪᠯᠡᠭᠡ ᠲᠣᠭᠲᠠᠭᠠᠵᠤ᠂ | ᠬᠥᠳᠡᠯᠭᠡᠭᠡᠨ ᠬᠢᠬᠦ ᠳᠤ ᠵᠠᠪᠠᠯ ᠪᠡᠶ᠎ᠡ ᠪᠣᠯᠪᠠᠰᠤᠷᠠᠭᠤᠯᠬᠤ ᠭᠠᠵᠠᠷ ᠣᠴᠢᠬᠤ ᠪᠢᠰᠢ᠂ ᠳᠥᠭᠦᠮᠬᠡᠨ ᠰᠡᠯᠡᠭᠦᠴᠡᠨ ᠠᠯᠬᠤᠬᠤ᠂ | ᠲᠦᠷᠭᠡᠨᠠᠯᠬᠤᠬᠤ᠂ ᠳᠡᠭᠡᠰᠦ ᠦᠰᠦᠷᠬᠦ ᠵᠡᠷᠭᠡ ᠡᠳᠦᠷ ᠲᠤᠲᠤᠮ ᠤᠨ ᠬᠥᠳᠡᠯᠭᠡᠭᠡᠨ ᠨᠢ ᠪᠠᠰᠠ ᠪᠡᠶ᠎ᠡ ᠶᠢᠨ ᠬᠦᠨᠳᠦ ᠶᠢ | ᠪᠦᠲᠦᠮᠵᠢᠲᠡᠶ ᠬᠢᠵᠠᠭᠠᠷᠯᠠᠵᠤ ᠴᠢᠳᠠᠨ᠎ᠠ ᠭᠡᠳᠡᠭ ᠢ ᠣᠯᠠᠨ ᠳᠤ ᠮᠡᠳᠡᠭᠦᠯᠵᠡᠶ᠃ | ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠮᠠᠰᠢ ᠶᠡᠭᠡ ᠬᠦᠰᠡᠯ ᠲᠠᠯᠪᠢᠵᠤ ᠪᠠᠶᠢᠭ᠎ᠠ ᠰᠦᠢᠳᠬᠡᠯ ᠥᠬᠡᠶ ᠠᠯᠪᠠᠨ | ᠵᠢᠷᠤᠮ ᠤᠨ ᠡᠮᠴᠢᠯᠡᠭᠡ ᠪᠣᠯᠤᠨ᠎ᠠ᠃ ᠡᠮᠴᠢ ᠰᠤᠪᠢᠯᠠᠭᠴᠢᠳ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ | ᠰᠢᠬᠢᠷ᠂ ᠪᠡᠶ᠎ᠡ ᠶᠢᠨ ᠬᠦᠨᠳᠦ᠂ ᠪᠡᠶ᠎ᠡ ᠶᠢᠨ ᠥᠭᠡᠬᠦ ᠵᠡᠷᠭᠡ ᠶᠢ ᠬᠡᠮᠵᠢᠬᠦ ᠶᠢ ᠪᠠᠭᠲᠠᠭᠠᠭᠰᠠᠨ ᠨᠢᠭᠡᠳ ᠨᠢᠭᠡ ᠪᠠᠷ ᠡᠷᠡᠭᠦᠯ | ᠮᠡᠨᠳᠦ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠠᠶ᠃ ᠪᠠᠶᠢᠴᠠᠭᠠᠬᠤ ᠶᠠᠪᠤᠴᠠ ᠳᠤ᠂ ᠡᠮᠴᠢ ᠰᠤᠪᠢᠯᠠᠭᠴᠢ | ᠰᠠᠭᠤᠭᠠᠯᠢ ᠠᠷᠠᠳ ᠤᠨ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ | ᠪᠠᠶᠢᠴᠠᠭᠠᠯᠲᠠ ᠶᠢᠨ ᠦᠷ᠎ᠡ ᠳ᠋ᠦᠩ ᠳᠤ ᠴᠢᠭᠯᠡᠭᠦᠯᠦᠨ ᠲᠤᠰᠬᠠᠶ ᠮᠡᠷᠭᠡᠵᠢᠯ ᠤᠨ ᠡᠷᠡᠭᠦᠯ ᠮᠡᠨᠳᠦ ᠶᠢᠨ ᠰᠠᠨᠠᠭᠤᠯᠭ᠎ᠠ | ᠥᠭᠪᠡ᠃ ᠮᠠᠰᠢ ᠣᠯᠠᠨ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠠᠯᠪᠠᠨ ᠵᠢᠷᠤᠮ ᠤᠨ | ᠡᠮᠴᠢᠯᠡᠭᠡ ᠪᠠᠷ ᠳᠡᠮᠵᠢᠨ᠂ ᠲᠠᠳᠠ ᠥᠪᠡᠷ ᠤᠨ ᠪᠡᠶ᠎ᠡ ᠶᠢᠨ ᠪᠠᠶᠢᠳᠠᠯ ᠳᠠᠭᠠᠨ ᠨᠠᠩ ᠲᠣᠳᠣᠷᠬᠠᠶ ᠣᠶᠢᠯᠠᠭᠠᠯᠲᠠ ᠲᠠᠢ | ᠪᠣᠯᠤᠭᠰᠠᠨ ᠪᠥᠭᠡᠳ ᠠᠮᠢᠳᠤᠷᠠᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠡᠷᠡᠰ ᠵᠣᠷᠢᠭ ᠢᠶᠠᠨ ᠨᠠᠩ ᠪᠠᠲᠤ | ᠪᠣᠯᠭᠠᠭᠰᠠᠨ ᠪᠠᠶᠢᠨ᠎ᠠ ᠭᠡᠵᠡᠶ᠃ | ᠲᠤᠰᠬᠠᠶ ᠮᠡᠷᠭᠡᠵᠢᠯᠲᠡᠨ ᠤ ᠲᠠᠶᠢᠯᠤᠮᠵᠢ ᠪᠠ ᠡᠮᠴᠢ ᠰᠤᠪᠢᠯᠠᠭᠴᠢ ᠶᠢᠨ ᠠᠯᠪᠠᠨ ᠵᠢᠷᠤᠮ ᠤᠨ ᠡᠮᠴᠢᠯᠡᠭᠡ ᠪᠠᠷ | ᠳᠡᠮᠵᠢᠨ᠂ ᠰᠠᠭᠤᠭᠠᠯᠢ ᠠᠷᠠᠳ ᠡᠷᠡᠭᠦᠯ ᠮᠡᠨᠳᠦ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠳᠤ ᠨᠠᠩ ᠰᠢᠨᠵᠢᠯᠡᠬᠦ | ᠤᠬᠠᠭᠠᠨᠴᠢ᠂ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠵᠣ᠂ ᠬᠡᠷᠡᠭᠯᠡᠭᠡᠨ ᠤ ᠡᠷᠡᠭᠦᠯ ᠮᠡᠨᠳᠦ ᠶᠢᠨ ᠮᠡᠳᠡᠯᠭᠡ ᠪᠠ | ᠮᠡᠷᠭᠡᠵᠢᠯ ᠢ ᠡᠵᠡᠮᠰᠢᠵᠡᠶ᠃ ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠰᠠᠭᠤᠭᠠᠯᠢ | ᠠᠷᠠᠳ ᠤᠨ ᠲᠣᠰ ᠪᠡᠶ᠎ᠡ ᠶᠢᠨ ᠡᠷᠡᠭᠦᠯ ᠮᠡᠨᠳᠦ ᠪᠠᠨ ᠨᠠᠩ ᠠᠩᠬᠠᠷᠬᠤ ᠤᠬᠠᠮᠰᠠᠷ ᠢ ᠨᠡᠮᠡᠭᠳᠡᠭᠦᠯᠵᠦ᠂ ᠰᠠᠶᠢᠨ ᠰᠠᠶᠢᠬᠠᠨ | ᠠᠮᠢᠳᠤᠷᠠᠯ ᠤᠨ ᠳᠠᠳᠬᠠᠯ ᠲᠠᠢ ᠪᠣᠯᠤᠭᠰᠠᠨ ᠢᠶᠠᠷ ᠪᠠᠷᠠᠬᠤ ᠥᠬᠡᠶ ᠪᠠᠰᠠ ᠬᠥᠷᠰᠢ ᠰᠠᠭᠠᠬᠠᠯᠲᠠ ᠶᠢᠨ ᠬᠤᠭᠤᠷᠣᠨᠳᠣᠬᠢ | ᠰᠣᠯᠢᠯᠴᠠᠭ᠎ᠠ ᠪᠠ ᠬᠤᠷᠰᠢᠯ ᠢ ᠠᠬᠢᠭᠤᠯᠵᠤ᠂ ᠡᠷᠡᠭᠦᠯ ᠰᠠᠶᠢᠬᠠᠨ ᠠᠮᠢᠳᠤᠷᠠᠯ ᠤᠨ ᠠᠭᠤᠷ ᠠᠮᠢᠰᠬᠤᠯ ᠢ ᠪᠣᠶ | ᠪᠣᠯᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠭᠡᠷ ᠬᠤᠷᠢᠶᠠᠯᠠᠯ ᠤᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ | ᠬᠡᠪ ᠪᠣᠯᠪᠠᠰᠤᠷᠠᠯ ᠤᠨ ᠲᠦᠪᠰᠢᠨ ᠢ ᠳᠡᠭᠡᠭᠰᠢᠯᠡᠭᠦᠯᠵᠦ᠂ ᠭᠡᠷ ᠬᠤᠷᠢᠶᠠᠯᠠᠯ ᠤᠨ ᠦᠷᠭᠦᠯᠵᠢᠯᠡᠬᠦ ᠬᠥᠭᠵᠢᠯᠲᠡ ᠳᠤ | ᠰᠠᠶᠢᠨ ᠰᠠᠭᠤᠷᠢ ᠲᠠᠯᠪᠢᠵᠤ ᠥᠭᠴᠡᠶ᠃ ᠪᠢᠳᠡ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠡᠷᠡᠭᠦᠯ ᠴᠢᠭᠢᠷᠠᠭ | ᠪᠡᠶ᠎ᠡ ᠶᠢᠨ ᠬᠦᠨᠳᠦ ᠶᠢᠨ ᠬᠠᠷᠠᠯᠲᠠ ᠲᠡᠶᠢᠰᠢ ᠤᠷᠤᠭᠰᠢᠯᠠᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠤᠨ | ᠰᠢᠨ᠎ᠡ ᠬᠠᠭᠤᠳᠠᠰᠤ ᠶᠢ ᠪᠢᠴᠢᠭᠯᠡᠶ᠎ᠡ︕ | | | | | | | | |