ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠪᠠᠲᠤᠯᠠᠵᠤ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 | ᠰᠠᠷ᠎ᠠ ᠶᠢᠨ 8 ᠤ ᠡᠳᠦᠷ᠂ ᠵᠢᠤ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠥᠨᠳᠡᠯᠡᠨ ᠠᠴᠠ ᠲᠠᠰᠤᠯᠬᠤ ᠺᠣᠮᠢᠰ ᠠᠴᠠ ᠬᠥᠨᠳᠡᠯᠡᠨ ᠠᠴᠠ ᠲᠠᠰᠤᠯᠤᠭᠴᠢᠳ ᠢ ᠵᠣᠬᠢᠶᠠᠨ | ᠪᠠᠶᠢᠭᠤᠯᠤᠨ ᠮᠠᠯᠴᠢᠨ ᠲᠠᠷᠢᠶᠠᠴᠢᠨ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂《 ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ 》《 | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ | ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠬᠠᠤᠯᠢ 》 ᠶᠢᠨ ᠲᠤᠰᠬᠠᠶ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | | | | ᠣᠯᠠᠨ ᠡᠰᠢᠲᠦ ᠬᠡᠯᠪᠡᠷᠢ ᠪᠠᠷ ᠵᠡᠷᠭᠡᠪᠡᠷ ᠬᠦᠴᠦᠯᠡᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠠᠷᠠᠳ ᠤᠨ | ᠰᠡᠳᠬᠢᠯ ᠳᠤ ᠬᠠᠳᠠᠩᠰᠢᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ | ᠳᠡᠪᠲᠡᠷ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠣᠯᠠᠨ ᠲᠦᠮᠡᠨ ᠳᠤ ᠬᠥᠳᠡᠭᠡ ᠲᠣᠰᠬᠤᠨ ᠤ ᠭᠠᠵᠠᠷ | ᠰᠢᠷᠣᠶ ᠶᠢᠨ ᠳᠠᠭᠠᠭᠠᠴᠢᠯᠠᠯᠲᠠ ᠶᠢᠨ ᠲᠥᠷᠥ ᠶᠢᠨ ᠪᠣᠳᠣᠯᠭ᠎ᠠ᠂ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ | ᠵᠢᠷᠤᠮᠵᠢᠯ᠂ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠴᠤᠪᠤᠷᠠᠯ ᠵᠡᠷᠭᠡ ᠭᠤᠤᠯ ᠠᠭᠤᠯᠭ᠎ᠠ ᠶᠢ | ᠨᠠᠷᠢᠨ ᠲᠠᠶᠢᠯᠪᠤᠷᠢᠯᠠᠪᠠ᠃ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠶ ᠬᠤᠪᠢ | ᠲᠠᠷᠬᠠᠭᠠᠵᠤ᠂ ᠬᠠᠷᠢᠶᠠᠲᠤ ᠣᠷᠣᠨ ᠤ ᠣᠯᠠᠨ ᠲᠣᠰᠬᠤᠨ ᠢ ᠬᠠᠮᠤᠷᠴᠤ᠂ 20 ᠭᠠᠷᠤᠶ ᠬᠥᠮᠦᠨ ᠤ ᠣᠯᠠᠨ ᠲᠦᠮᠡᠨ ᠤ | ᠠᠰᠠᠭᠤᠨ ᠯᠠᠪᠯᠠᠭᠰᠠᠨ ᠳᠤ ᠨᠢᠭᠤᠷᠲᠠᠨ ᠬᠠᠷᠢᠭᠤᠯᠲᠠ ᠥᠭᠪᠡ᠃ ᠲᠣᠰ ᠤᠳᠠᠭᠠᠨ ᠤ ᠤᠬᠠᠭᠤᠯᠭ᠎ᠠ ᠨᠢ ᠣᠯᠠᠨ | ᠲᠦᠮᠡᠨ ᠤ ᠠᠩᠬᠠᠷᠴᠤ ᠪᠠᠶᠢᠭ᠎ᠠ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢᠨ ᠬᠠᠷᠢᠶᠠᠯᠠᠯ᠂ ᠡᠷᠭᠢᠯᠲᠡ ᠶᠢᠨ | ᠭᠡᠷ᠎ᠡ ᠲᠣᠭᠲᠠᠭᠠᠬᠤ᠂ ᠵᠢᠭᠤᠷᠠᠯᠳᠤᠭᠠᠨ ᠤ ᠡᠷᠬᠡ ᠪᠠᠨ ᠬᠠᠮᠠᠭᠠᠯᠠᠬᠤ ᠠᠷᠭ᠎ᠠ ᠵᠠᠮ ᠵᠡᠷᠭᠡ ᠬᠠᠯᠠᠮᠰᠢᠯ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠴᠠᠭᠠᠵᠠ ᠶᠢᠨ ᠵᠦᠢᠯ ᠵᠤᠷᠪᠤᠰ ᠢ | ᠪᠣᠳᠠᠲᠠᠶ ᠬᠡᠷᠡᠭ ᠤᠨ ᠵᠢᠱᠢᠶ᠎ᠡ ᠪᠣᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ《 ᠭᠠᠵᠠᠷ | ᠰᠢᠷᠣᠶ ᠶᠢᠨ ᠳᠠᠭᠠᠭᠠᠴᠢᠯᠠᠯᠲᠠ ᠳᠤ ᠵᠢᠷᠤᠮᠯᠠᠬᠤ ᠬᠠᠤᠯᠢ ᠲᠠᠢ᠂ ᠡᠷᠬᠡ ᠠᠰᠢᠭ ᠢ ᠬᠠᠮᠠᠭᠠᠯᠠᠬᠤ ᠳᠤ ᠵᠢᠷᠤᠮᠯᠠᠬᠤ | ᠲᠦᠷᠢᠮ ᠲᠠᠢ 》ᠪᠠᠶᠢᠬᠤ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠰᠢᠭᠤᠳ ᠣᠶᠢᠯᠠᠭᠠᠭᠤᠯᠪᠠ᠃ | ᠦᠷ᠎ᠡ ᠪᠦᠲᠦᠮᠵᠢ ᠢᠯᠡᠳᠲᠡ ᠰᠠᠭᠤᠷᠢ ᠶᠢ ᠴᠣᠭᠴᠠᠯᠠᠵᠤ᠂ ᠦᠨᠳᠦᠰᠦᠨ ᠱᠠᠲᠤᠨ ᠤ ᠵᠠᠰᠠᠯᠲᠠ ᠳᠤ ᠬᠥᠳᠡᠯᠭᠡᠬᠦ | ᠡᠨᠧᠷᠭᠢ ᠨᠡᠮᠡᠷᠢᠯᠡᠪᠡ᠃ ᠲᠣᠰ ᠤᠳᠠᠭᠠᠨ ᠤ ᠤᠬᠠᠭᠤᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠮᠠᠯᠴᠢᠨ | ᠲᠠᠷᠢᠶᠠᠴᠢᠨ ᠲᠦᠮᠡᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠤᠬᠠᠶ ᠲᠠᠨᠢᠯᠲᠠ ᠢᠯᠡᠳᠲᠡ ᠳᠡᠭᠡᠭᠰᠢᠯᠡᠵᠦ᠂ ᠢᠯᠠᠩᠭᠤᠶ᠎ᠠ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠨᠢ《 | ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ 》 ᠶᠢᠨ ᠳᠠᠪᠠᠭᠤᠯᠢᠭ ᠤᠨ ᠲᠠᠯ᠎ᠠ ᠪᠠᠷ ᠨᠠᠩ | ᠭᠦᠨᠵᠡᠭᠡᠶ ᠣᠶᠢᠯᠠᠭᠠᠯᠲᠠ ᠲᠠᠢ ᠪᠣᠯᠵᠣ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠲᠣᠰ ᠪᠡᠶ᠎ᠡ ᠶᠢᠨ ᠡᠷᠬᠡ | ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠠᠵᠢᠯᠯᠠᠭ᠎ᠠ ᠨᠢ《 | ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠭᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ | ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ | ᠲᠦᠰᠢᠭᠯᠡᠬᠦ》ᠬᠠᠤᠯᠢᠵᠢᠯ ᠤᠨ ᠠᠭᠤᠷ ᠠᠮᠢᠰᠬᠤᠯ ᠢ ᠪᠦᠲᠦᠮᠵᠢᠲᠡᠶ ᠪᠣᠶ ᠪᠣᠯᠭᠠᠵᠤ᠂ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠪᠠᠭᠠᠰᠬᠠᠵᠤ᠂ ᠵᠥᠷᠢᠴᠡᠯ ᠵᠢᠭᠤᠷᠠᠯᠳᠤᠭᠠᠨ ᠢ | ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠬᠥᠳᠡᠭᠡ | ᠲᠣᠰᠬᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠦᠴᠦ | ᠨᠡᠮᠡᠷᠢᠯᠡᠪᠡ᠃ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠤᠯᠢ | ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ ᠲᠠᠷᠠᠭᠠᠴᠢ ᠪᠠᠷ᠂ ᠵᠢᠦ ᠶᠤᠸᠠᠨ ᠲᠣᠭᠤᠷᠢᠭ ᠤᠨ | ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠥᠨᠳᠡᠯᠡᠨ ᠠᠴᠠ ᠲᠠᠰᠤᠯᠬᠤ ᠺᠣᠮᠢᠰ ᠲᠣᠰ | ᠤᠳᠠᠭᠠᠨ ᠤ ᠠᠵᠢᠯᠯᠠᠭ᠎ᠠ ᠪᠠᠷ ᠡᠬᠢᠯᠡᠯᠲᠡ ᠪᠣᠯᠭᠠᠵᠤ᠂ ᠬᠠᠤᠯᠢ ᠲᠦᠭᠡᠮᠡᠯᠵᠢᠭᠦᠯᠬᠦ ᠪᠠᠶᠢᠩᠭᠤ ᠲᠣᠭᠲᠠᠴᠠ ᠶᠢ | ᠪᠠᠶᠢᠭᠤᠯᠤᠨ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢ ᠨᠡᠶᠢᠳᠡᠮ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠭᠠᠵᠠᠷ ᠰᠢᠷᠣᠶ ᠶᠢᠨ | ᠡᠷᠭᠢᠯᠲᠡ ᠲᠥᠪᠯᠡᠷᠡᠭᠰᠡᠨ ᠣᠷᠣᠨ ᠪᠦᠰᠡ᠂ ᠵᠥᠷᠢᠴᠡᠯ ᠠᠮᠠᠷᠬᠠᠨ ᠡᠭᠦᠰᠬᠦ ᠲᠣᠰᠬᠤᠨ ᠤ ᠬᠤᠷᠰᠢᠶ᠎ᠠ ᠶᠢ | ᠭᠤᠤᠯᠳᠠᠯᠭ᠎ᠠ ᠲᠠᠢ ᠠᠩᠬᠠᠷᠴᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ | ᠬᠠᠤᠯᠢᠵᠢᠯ ᠤᠨ ᠤᠬᠠᠭᠤᠯᠭ᠎ᠠ ᠬᠢᠭᠡᠳ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ᠂ ᠡᠶᠡᠳᠡᠭᠦᠯᠬᠦ ᠪᠣᠳᠠᠲᠤ | ᠶᠠᠪᠤᠳᠠᠯ ᠢ ᠣᠷᠭᠠᠨᠢᠭ ᠢᠶᠠᠷ ᠤᠶᠠᠯᠳᠤᠭᠤᠯᠵᠤ᠂ ᠬᠠᠤᠯᠢ ᠴᠠᠭᠠᠵᠠ ᠶᠢᠨ ᠳᠠᠪᠠᠭᠤᠯᠢᠭ ᠢ ᠦᠨᠡᠨ ᠬᠦ ᠬᠥᠳᠡᠭᠡ | ᠲᠣᠰᠬᠤᠨ ᠤ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠪᠣᠳᠠᠲᠤ ᠬᠦᠴᠦᠨ ᠴᠢᠳᠠᠪᠤᠷᠢ ᠪᠣᠯᠭᠠᠨ ᠬᠤᠪᠢᠷᠠᠭᠤᠯᠤᠨ᠎ᠠ᠃ | | | | | | |