ᠵᠢᠤ ᠶᠤᠸᠠᠨ ᠲᠤᠭᠤᠷᠢᠭ ᠤᠨ ᠠᠩᠬᠠᠳᠠᠭᠴᠢ ᠤᠯᠠᠷᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠵᠦ ᠠᠳᠠᠯᠢ ᠬᠤᠭᠤᠴᠠᠭᠠᠨ ᠤ ᠬᠢ ᠠᠴᠠ 75% ᠪᠠᠷ ᠨᠡᠮᠡᠭᠳᠡᠵᠦ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠢᠯᠡᠷᠡᠭᠦᠯᠪᠡ
ᠨᠡᠶᠢᠲᠡᠯᠡᠭᠰᠡᠨ ᠴᠠᠭ᠄
2025/4/10
     ᠵᠢᠤ ᠶᠤᠸᠠᠨ ᠲᠣᠭᠤᠷᠢᠭ ᠤᠨ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠬᠢᠨᠠᠨ ᠡᠵᠡᠮᠳᠡᠬᠦ ᠠᠵᠤ ᠠᠬᠤᠶᠢᠯᠠᠯ 24 ᠪᠣᠯᠵᠣ᠂ 1- 3 ᠰᠠᠷ᠎ᠠ ᠳᠤ ᠭᠠᠳᠠᠭᠠᠳᠤ ᠠᠷᠠᠯᠵᠢᠶᠠᠨ ᠤ ᠪᠣᠳᠠᠲᠤ ᠪᠦᠲᠦᠮᠵᠢ ᠲᠠᠢ ᠠᠵᠤ ᠠᠬᠤᠶᠢᠯᠠᠯ 12 ᠪᠣᠯᠵᠣ᠂ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠲᠤᠭ᠎ᠠ 53953.24 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 75% ᠪᠠᠷ ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ 3 ᠪᠠᠶᠢᠵᠤ᠂ ᠭᠤᠣᠯ ᠪᠦᠲᠦᠭᠡᠭᠳᠡᠬᠦᠨ ᠳᠤ ᠨᠡᠭᠦᠷᠡᠰᠦ᠂ ᠭᠤᠶᠣᠯᠠᠯ ᠤᠨ ᠡᠳ᠋ ᠢ ᠪᠠᠭᠲᠠᠭᠠᠭᠰᠠᠨ᠂ ᠭᠠᠳᠠᠭᠠᠳᠤ ᠳᠤ ᠠᠷᠤᠭᠤᠯᠬᠤ ᠴᠢᠭᠯᠡᠯ ᠨᠢ ᠭᠤᠤᠯᠳᠠᠭᠤ ᠮᠣᠩᠭᠤᠯ᠂ᠺᠣᠷᠢᠶᠠ᠂ ᠠᠩᠭ᠍ᠯᠢ᠂ ᠹᠷᠠᠨᠼᠢ ᠵᠡᠷᠭᠡ ᠤᠯᠤᠰ ᠢᠶᠠᠷ ᠭᠤᠤᠯ ᠪᠣᠯᠭᠠᠵᠤ᠂ 12992.436 ᠲᠦᠮᠡᠨ ᠲᠥᠭᠦᠷᠢᠭ ᠤᠨ ᠭᠠᠳᠠᠭᠠᠳᠤ ᠣᠷᠣᠭᠤᠯᠤᠯᠲᠠ ᠶᠢᠨ ᠠᠷᠠᠯᠵᠢᠶᠠᠨ ᠤ ᠨᠣᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 104% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠬᠤ ᠠᠵᠤ ᠠᠬᠤᠶᠢᠯᠠᠯ 9 ᠪᠠᠶᠢᠵᠤ᠂ ᠭᠤᠤᠯ ᠪᠦᠲᠦᠭᠡᠭᠳᠡᠬᠦᠨ ᠳᠤ ᠪᠥᠭᠡᠭᠡᠨᠡᠷᠡᠯ ᠫᠷᠤᠫᠸᠡ᠂ ᠪᠥᠭᠡᠭᠡᠨᠡᠷᠡᠯ ᠡᠲ᠋ᠧᠨ᠂ ᠣᠯᠠᠨ ᠲᠠᠯᠠᠰᠲᠤ ᠴᠠᠬᠢᠭᠤᠷ᠂ ᠨᠡᠭᠦᠷᠡᠰᠦ ᠵᠡᠷᠭᠡ ᠶᠢ ᠪᠠᠭᠲᠠᠭᠠᠵᠤ᠂ ᠭᠠᠳᠠᠭᠠᠳᠤ ᠳᠤ ᠭᠠᠷᠭᠠᠬᠤ ᠴᠢᠭᠯᠡᠯ ᠨᠢ ᠭᠤᠤᠯᠳᠠᠭᠤ ᠺᠣᠷᠢᠶᠠ᠂ ᠶᠠᠫᠣᠨ᠂ ᠮᠠᠯᠠᠶᠢᠰᠢᠶ᠎ᠠ᠂  ᠲᠠᠢ ᠤᠯᠤᠰ ᠵᠡᠷᠭᠡ ᠭᠠᠵᠠᠷ ᠪᠠᠶᠢᠵᠤ᠂ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠲᠤᠭ᠎ᠠ 40960.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 67.2% ᠢᠶᠠᠷ ᠨᠡᠮᠡᠭᠳᠡᠪᠡ᠃    ᠲᠠᠷᠠᠭᠠᠴᠢ ᠪᠠᠷ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠪᠴᠢᠶ᠎ᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠢ ᠥᠷᠭᠡᠳᠬᠡᠬᠦ ᠪᠠᠷ ᠬᠠᠷᠠᠯᠲᠠ ᠪᠣᠯᠭᠠᠵᠤ᠂  ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠦᠨ᠎ᠡ : ᠨᠢᠭᠡ ᠳᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠵᠡᠷᠭᠡ ᠣᠯᠠᠨ ᠤᠯᠤᠰ ᠤᠨ ᠴᠢᠨᠠᠷᠲᠠᠶ ᠦᠵᠡᠰᠬᠦᠯᠡᠩ ᠳᠤ ᠣᠷᠣᠯᠴᠠᠭᠤᠯᠵᠤ᠂《 ᠨᠢᠭᠡ ᠪᠦᠰᠡ ᠨᠢᠭᠡ ᠵᠠᠮ 》ᠳᠠᠭᠠᠤ ᠶᠢᠨ ᠵᠠᠬ᠎ᠠ ᠳᠡᠯᠭᠡᠭᠦᠷ ᠢ ᠥᠷᠭᠡᠳᠬᠡᠨ᠎ᠡ︔ ᠬᠤᠶᠠᠷ ᠲᠤ᠂ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠬᠦᠷᠢᠶᠡᠨ ᠳᠤ《 ᠰᠢᠪᠲᠤᠯᠤᠯᠲᠠ ᠭᠠᠷᠭᠠᠬᠤ 》ᠠᠵᠢᠯ ᠢ ᠠᠬᠢᠭᠤᠯᠤᠨ᠎ᠠ︔ ᠭᠤᠷᠪᠠ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠭᠠᠳᠠᠭᠠᠳᠤ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡᠲᠦ ᠪᠠᠶᠢᠷᠢᠰᠢᠯ ᠢ ᠪᠠᠶᠢᠭᠤᠯᠬᠤ ᠳᠤ ᠪᠠᠲᠤ ᠪᠠᠬᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号