| | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠣᠯᠠᠨ ᠲᠦᠮᠡᠨ ᠲᠠᠢ | ᠬᠠᠷᠢᠯᠴᠠᠬᠤ᠂ ᠬᠥᠭᠵᠢᠯᠲᠡ ᠳᠤ ᠦᠢᠯᠡᠴᠢᠯᠡᠬᠦ ᠡᠭᠦᠷᠭᠡ ᠴᠢᠳᠠᠪᠬᠢ ᠶᠢᠨ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠵᠤ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠥᠯᠥᠭᠡ᠂ | ᠣᠶᠢᠷ᠎ᠠ ᠳᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠠᠴᠠ ᠵᠢᠦ ᠶᠤᠸᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ | ᠬᠢᠨᠠᠨ ᠪᠤᠳᠤᠬᠤ ᠲᠣᠪᠴᠢᠶ᠎ᠠ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠴᠠᠩᠬᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠡᠷ ᠲᠤ ᠬᠦᠷᠴᠦ《 ᠵᠢᠷᠭᠤᠳᠤᠭᠠᠷ | ᠤᠳᠠᠭ᠎ᠠ ᠲᠥᠯᠥᠭᠡᠯᠡᠭᠴᠢᠳ ᠤᠨ ᠭᠡᠷ ᠲᠤ ᠤᠷᠤᠬᠤ 》 ᠶᠢᠨ ᠠᠵᠢᠯᠯᠠᠭ᠎ᠠ ᠥᠷᠨᠢᠭᠦᠯᠵᠦ᠂ ᠬᠡᠰᠡᠭ ᠲᠣᠭᠤᠷᠢᠭ᠂ | ᠪᠠᠯᠭᠠᠰᠤᠨ ᠤ ᠠᠷᠠᠳ ᠤᠨ ᠲᠥᠯᠥᠭᠡᠯᠡᠭᠴᠢ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠡᠯ᠎ᠡ ᠡᠭᠦᠷᠭᠡ ᠴᠢᠳᠠᠪᠦᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ | ᠤᠶᠠᠯᠳᠤᠭᠤᠯᠵᠤ᠂ ᠲᠥᠯᠥᠭᠡᠯᠡᠭᠴᠢᠳ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠶᠢᠨ ᠭᠠᠷ ᠭᠦᠢᠴᠡᠳᠬᠡᠯ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠦᠷᠦᠯ ᠵᠦᠢᠯ ᠤᠨ ᠪᠡᠯᠡ ᠮᠥᠩᠭᠦ ᠶᠢ ᠬᠡᠷᠡᠭᠯᠡᠬᠦ ᠶᠠᠪᠤᠴᠠ᠂ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠢᠨᠠᠨ | ᠪᠤᠳᠤᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠢᠴᠢ ᠪᠠᠭ᠎ᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ | ᠵᠡᠷᠭᠡ ᠠᠷᠠᠳ ᠤᠨ ᠠᠮᠢᠳᠤᠷᠠᠯ ᠤᠨ ᠠᠩᠬᠠᠷᠤᠯ᠂ ᠬᠥᠭᠵᠢᠯᠲᠡ ᠶᠢᠨ ᠬᠦᠴᠢᠷ ᠠᠰᠠᠭᠤᠳᠠᠯ ᠤᠨ ᠲᠣᠭᠤᠷᠢᠨ ᠳᠤ | ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠠᠭᠠᠴᠢ ᠶᠢᠨ ᠪᠣᠳᠠᠲᠠᠢ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ | ᠬᠠᠮᠲᠤ ᠪᠠᠷ ᠰᠤᠳᠤᠯᠤᠨ ᠶᠠᠷᠢᠯᠴᠠᠪᠠ᠃ ᠲᠣᠰ ᠤᠳᠠᠭ᠎ᠠ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠠᠢ | ᠵᠣᠯᠭᠠᠭᠤᠯᠬᠤ ᠪᠠᠷ ᠳᠡᠮᠵᠢᠨ᠂ ᠴᠠᠩᠬᠠᠨ ᠲᠣᠰᠬᠤᠨ ᠤ 2025 ᠣᠨ ᠤ ᠲᠣᠰᠬᠤᠨ ᠤ ᠬᠠᠮᠲᠤ ᠶᠢᠨ ᠠᠵᠤ | ᠠᠬᠤᠶ ᠶᠢᠨ ᠲᠥᠷᠥᠯ ᠵᠦᠢᠯ ᠤᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢᠨ ᠣᠷᠴᠢᠨ ᠲᠣᠭᠤᠷᠢᠨ ᠤ | ᠦᠨᠡᠯᠡᠯᠲᠡ ᠶᠢᠨ ᠭᠠᠷ ᠭᠦᠢᠴᠡᠳᠬᠡᠯ ᠢ ᠭᠦᠢᠴᠡᠳᠭᠡᠬᠦ ᠠᠵᠢᠯ ᠢ ᠬᠠᠮᠲᠤ ᠳᠤᠨᠢ ᠰᠢᠢᠳᠪᠦᠷᠢᠯᠡᠪᠡ᠃ | ᠲᠠᠷᠠᠭᠠᠴᠢ ᠪᠠᠷ᠂ ᠬᠤᠷᠢᠨᠭᠡᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠦᠷᠭᠦᠯᠵᠢᠯᠡᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ | ᠲᠠᠪᠴᠠᠩ ᠢ ᠪᠠᠶᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠨᠤᠪᠴᠢᠲᠠᠢ ᠵᠣᠯᠭᠠᠭᠤᠯᠵᠤ᠂ | 《ᠠᠰᠠᠭᠤᠳᠠᠯ ᠢ ᠢᠯᠡᠷᠡᠭᠦᠯᠬᠦ - ᠰᠢᠪᠠᠳᠠᠨ ᠰᠢᠢᠳᠪᠦᠷᠢᠯᠡᠭᠦᠯᠵᠦ ᠴᠡᠭᠴᠡᠯᠡᠨ ᠰᠠᠶᠢᠵᠢᠷᠠᠭᠤᠯᠬᠤ - ᠦᠷ᠎ᠡ ᠪᠦᠲᠦᠭᠡᠯ ᠢ | ᠵᠠᠷᠯᠠᠨ ᠨᠡᠶᠢᠲᠡᠯᠡᠬᠦ 》ᠮᠥᠷᠳᠡᠯᠲᠡ ᠶᠢᠨ ᠲᠣᠭᠲᠠᠴᠠ ᠶᠢ ᠪᠣᠶ ᠪᠣᠯᠭᠠᠵᠤ᠂ ᠰᠠᠨᠠᠭᠤᠯᠭ᠎ᠠ ᠴᠤᠭᠯᠠᠭᠤᠯᠬᠤ᠂ | ᠰᠢᠯᠵᠢᠭᠦᠯᠦᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠠᠮᠢᠶᠠᠷᠬᠤ ᠶᠢ | ᠪᠡᠶᠡᠯᠡᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠠᠷᠠᠳ ᠤᠨ ᠲᠥᠯᠥᠭᠡᠯᠡᠭᠴᠢᠳ ᠤᠨ ᠬᠦᠴᠦᠨ ᠴᠢᠳᠠᠯ ᠢᠶᠠᠨ ᠡᠷᠭᠦᠨ᠎ᠡ᠃ | | | | | | | | |