ᠨᠢᠳᠦᠨ ᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠡᠷ ᠬᠤᠷᠢᠶᠠᠯᠠᠯ ᠤᠨ ᠨᠠᠰᠤᠲᠠᠶᠢᠴᠤᠳ ᠤᠨ | ᠨᠢᠳᠦᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠨᠠᠮ ᠤᠨ ᠬᠠᠯᠠᠮᠵᠢᠯᠠᠯ ᠢ | ᠣᠯᠠᠨ ᠲᠦᠮᠡᠨ ᠳᠤ ᠦᠨᠡᠨ ᠬᠦ ᠬᠦᠷᠭᠡᠬᠦ ᠶᠢᠨ ᠲᠦᠯᠦᠭᠡ᠃ 4 ᠰᠠᠷ᠎ᠠ ᠶᠢᠨ 9 ᠤ ᠦᠳᠡ ᠶᠢᠨ ᠬᠤᠶᠢᠨ᠎ᠠ᠂ ᠸᠠᠨ | ᠺᠧ ᠭᠡᠷ ᠬᠤᠷᠢᠶᠠᠯᠠᠯ ᠪᠤᠭᠤᠲᠤ ᠶᠢᠨ ᠴᠤᠤ ᠵᠢᠤᠢ ᠨᠢᠳᠦᠨ ᠤ ᠰᠠᠯᠠᠭ᠎ᠠ ᠲᠠᠢ ᠬᠠᠮᠲᠤᠷᠠᠨ ᠨᠠᠰᠤᠲᠠᠶᠢᠴᠤᠳ ᠲᠤ | ᠵᠤᠷᠢᠭᠤᠯᠤᠭᠰᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | | | | ᠬᠦᠳᠡᠯᠭᠡᠭᠡᠨ ᠤ ᠡᠳᠦᠷ᠂ ᠪᠤᠭᠤᠲᠤ ᠶᠢᠨ ᠴᠤᠤ ᠵᠢᠤᠢ ᠨᠢᠳᠤᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ | ᠲᠤᠰᠬᠠᠢ ᠮᠡᠷᠭᠡᠵᠢᠯᠲᠡᠨ ᠲᠡᠷᠢᠭᠦᠨ ᠤ ᠨᠢᠳᠤᠨ ᠤ ᠰᠠᠯᠠᠭᠠᠨ ᠤ ᠪᠠᠶᠢᠴᠠᠭᠠᠬᠤ ᠲᠥᠬᠦᠭᠡᠷᠦᠮᠵᠢ ᠶᠢ ᠠᠪᠴᠢᠷᠠᠵᠤ᠂ ᠨᠠᠰᠤ | ᠠᠬᠢᠭᠰᠠᠨ ᠰᠠᠭᠤᠭᠠᠯᠢ ᠠᠷᠠᠳ ᠲᠤ ᠪᠦᠬᠦ ᠲᠠᠯ᠎ᠠ ᠶᠢᠨ ᠨᠢᠳᠦᠨ ᠤ ᠰᠠᠯᠠᠭᠠᠨ ᠤ ᠪᠠᠶᠢᠴᠠᠭᠠᠯᠲᠠ ᠬᠠᠩᠭᠠᠪᠠ᠃ ᠲᠤᠰᠬᠠᠶ | ᠮᠡᠷᠭᠡᠵᠢᠯᠲᠡᠳ ᠰᠠᠭᠤᠭᠠᠯᠢ ᠠᠷᠠᠳ ᠲᠤ ᠬᠠᠷᠠᠭ᠎ᠠ ᠶᠢᠨ ᠪᠠᠶᠢᠴᠠᠭᠠᠯᠲᠠ᠂ ᠨᠢᠳᠦᠨ ᠤ ᠪᠠᠶᠢᠴᠠᠭᠠᠯᠲᠠ ᠵᠡᠷᠭᠡ ᠲᠥᠷᠥᠯ | ᠵᠦᠢᠯ ᠢ ᠬᠢᠵᠦ᠂ ᠰᠠᠭᠤᠭᠠᠯᠢ ᠠᠷᠠᠳ ᠲᠤ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠴᠠᠭᠠᠨ ᠬᠠᠷᠠᠩ᠂ | ᠴᠡᠩᠬᠡᠷ ᠬᠠᠷᠠᠩ ᠵᠡᠷᠭᠡ ᠨᠢᠳᠦᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠮᠡᠳᠡᠯᠭᠡ ᠶᠢ ᠨᠠᠷᠢᠨ | ᠲᠠᠶᠢᠯᠪᠤᠷᠢᠯᠠᠵᠤ ᠥᠭᠭᠦᠭᠰᠡᠨ ᠪᠥᠭᠡᠳ ᠰᠠᠭᠤᠭᠠᠯᠢ ᠠᠷᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠨᠢᠳᠦᠨ ᠤ | ᠪᠠᠶᠢᠴᠠᠭᠠᠯᠲᠠ ᠬᠢᠵᠦ᠂ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠬᠤ ᠬᠡᠷᠡᠭᠲᠡᠶ ᠭᠡᠵᠦ ᠰᠠᠨᠠᠭᠤᠯᠵᠠᠶ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠡᠮᠵᠢᠨ᠂ ᠬᠠᠷᠢᠶᠠᠲᠤ ᠣᠷᠣᠨ ᠤ | ᠰᠠᠭᠤᠭᠠᠯᠢ ᠠᠷᠠᠳ ᠲᠤ ᠦᠨᠡᠨ ᠪᠣᠳᠠᠲᠠᠶ ᠡᠷᠡᠭᠦᠯ ᠮᠡᠨᠳᠦ ᠶᠢᠨ ᠠᠰᠠᠷᠠᠮᠵᠢ ᠶᠢ ᠠᠪᠴᠢᠷᠠᠵᠤ ᠥᠭᠭᠦᠭᠰᠡᠨ ᠢᠶᠠᠷ ᠪᠠᠷᠠᠬᠤ | ᠥᠬᠡᠶ᠂ ᠪᠠᠰᠠ ᠭᠡᠷ ᠬᠤᠷᠢᠶᠠᠯᠠᠯ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠳᠤ | ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠪᠠᠷ᠂ ᠸᠠᠨ ᠺᠧ ᠭᠡᠷ ᠬᠤᠷᠢᠶᠠᠯᠠᠯ | ᠦᠷᠭᠦᠯᠵᠢᠯᠡᠨ ᠰᠠᠭᠤᠭᠠᠯᠢ ᠠᠷᠠᠳ ᠲᠤ ᠨᠡᠩ ᠤᠯᠠᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠡᠷᠡᠭᠦᠯ᠂ | ᠡᠶ᠎ᠡ ᠵᠣᠬᠢᠴᠠᠩᠭᠤᠢ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠤᠨ᠎ᠠ᠃ | | | | | | | | |