| | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠰᠤᠮᠤ ᠪᠠᠯᠭᠠᠰᠤ ᠵᠡᠭᠡᠯᠢ ᠭᠤᠳᠤᠮᠵᠢ ᠳᠠᠰᠢ | ᠤᠷᠲᠤᠳᠬᠠᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ ᠵᠢᠦ | ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠠᠯᠠᠨ ᠪᠤᠯᠠᠭ ᠪᠠᠯᠭᠠᠰᠤᠨ ᠳᠤ ᠭᠦᠨᠵᠡᠭᠡᠶᠢᠷᠡᠨ ᠬᠠᠤᠯᠢ | ᠴᠠᠭᠠᠵᠠ ᠶᠢᠨ ᠭᠠᠵᠠᠷ ᠤᠨ ᠠᠵᠢᠯ ᠤᠨ ᠡᠭᠡᠯᠵᠢᠲᠦ ᠬᠤᠷᠠᠯ ᠬᠢᠪᠡ᠃ ᠲᠣᠰ ᠤᠳᠠᠭᠠᠨ ᠤ ᠬᠤᠷᠠᠯ ᠤᠨ ᠵᠣᠷᠢᠯᠭ᠎ᠠ ᠨᠢ | ᠦᠨᠳᠦᠰᠦᠨ ᠱᠠᠲᠤᠨ ᠳᠤ ᠣᠶᠢᠷᠠᠲᠤᠵᠤ᠂ ᠪᠣᠳᠠᠲᠤ ᠪᠠᠶᠢᠳᠠᠯ ᠢ ᠤᠶᠢᠯᠠᠭᠠᠨ᠂ ᠬᠠᠤᠯᠢ ᠴᠠᠭᠠᠵᠠ ᠶᠢᠨ ᠭᠠᠵᠠᠷ ᠤᠨ | ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠬᠠᠤᠯᠢ | ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ᠂ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠵᠢᠴᠢ ᠡᠯ᠎ᠡ | ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠡᠮᠦᠨ᠎ᠡ᠂ ᠳᠠᠯᠠᠨ ᠪᠤᠯᠠᠭ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠢ ᠲᠣᠭᠤᠷᠢᠨ ᠦᠵᠡᠵᠦ | ᠰᠤᠷᠤᠯᠴᠠᠵᠤ᠂ ᠳᠠᠯᠠᠨ ᠪᠤᠯᠠᠭ ᠪᠠᠯᠭᠠᠰᠤᠨ ᠤ《 ᠨᠢᠭᠡ ᠥᠷᠲᠡᠭᠡ ᠮᠠᠶ᠋ᠢᠭ 》 ᠤᠨ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ ᠶᠠᠪᠤᠴᠠ ᠶᠢ ᠣᠶᠢᠯᠠᠭᠠᠪᠠ᠃ ᠬᠤᠷᠠᠯ ᠳᠡᠭᠡᠷ᠎ᠡ᠂ ᠡᠯ᠎ᠡ ᠬᠠᠤᠯᠢ ᠴᠠᠭᠠᠵᠠ ᠶᠢᠨ ᠭᠠᠵᠠᠷ ᠤᠨ | ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠪᠠᠨ ᠲᠠᠰ ᠳᠠᠷᠠᠭᠠᠯᠠᠨ ᠬᠠᠷᠢᠭᠤ ᠮᠡᠳᠡᠭᠦᠯᠵᠦ᠂ | ᠠᠷᠠᠳ ᠤᠨ ᠡᠶᠡᠳᠡᠭᠦᠯᠭᠡ᠂ ᠭᠡᠷ ᠬᠤᠷᠢᠶᠠᠯᠠᠯ ᠤᠨ ᠵᠠᠰᠠᠮᠵᠢᠯᠠᠬᠤ ᠬᠦᠮᠦᠨ ᠤ ᠬᠠᠮᠢᠶᠠᠷᠤᠯᠲᠠ᠂ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠵᠢᠴᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ | ᠵᠡᠷᠭᠡ ᠪᠠᠶᠢᠳᠠᠯ ᠢ ᠬᠠᠮᠤᠷᠴᠠᠶ᠃ ᠣᠯᠠᠨ ᠢᠶᠠᠷ ᠢᠶᠠᠨ ᠰᠤᠮᠤ ᠪᠠᠯᠭᠠᠰᠤᠨ ᠤ ᠵᠡᠭᠡᠯᠢ ᠭᠤᠳᠤᠮᠵᠢ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠠᠮᠵᠢᠯᠲᠠ ᠲᠠᠢ ᠡᠶᠡᠳᠡᠭᠦᠯᠦᠭᠰᠡᠨ ᠬᠡᠷᠡᠭ ᠤᠨ ᠵᠢᠱᠢᠶ᠎ᠡ ᠶᠢᠨ ᠲᠤᠷᠰᠢᠯᠭ᠎ᠠ ᠪᠠᠨ | ᠬᠤᠪᠢᠶᠠᠯᠴᠠᠵᠤ᠂ ᠭᠡᠷ ᠬᠤᠷᠢᠶᠠᠯᠠᠯ ᠤᠨ ᠵᠠᠰᠠᠮᠵᠢᠯᠠᠬᠤ ᠬᠦᠮᠦᠨ ᠤ ᠬᠢᠨᠠᠯᠲᠠ ᠬᠠᠮᠢᠶᠠᠷᠤᠯᠲᠠ ᠶᠢᠨ ᠬᠦᠴᠢᠷᠳᠡᠯ ᠶᠡᠭᠡ᠂ | ᠬᠠᠤᠯᠢ ᠲᠦᠭᠡᠮᠡᠯᠵᠢᠭᠦᠯᠬᠦ ᠦᠷ᠎ᠡ ᠪᠦᠲᠦᠮᠵᠢ ᠰᠠᠶᠢᠨ ᠪᠢᠰᠢ ᠵᠡᠷᠭᠡ ᠪᠡᠷᠬᠡ ᠰᠡᠳᠦᠪ ᠢ ᠳᠤᠷᠠᠳᠤᠨ ᠭᠠᠷᠭᠠᠵᠠᠶ᠃ | ᠡᠲᠡᠭᠡᠷ ᠠᠰᠠᠭᠤᠳᠠᠯ ᠳᠤ ᠴᠢᠭᠯᠡᠭᠦᠯᠦᠨ᠂ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠤᠯᠭ᠎ᠠ ᠵᠢᠴᠢ | ᠲᠠᠰᠤᠭ ᠤᠨ ᠬᠠᠷᠢᠭᠤᠴᠠᠯᠭᠠᠲᠠᠨ ᠬᠢᠭᠡᠳ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠬᠠᠮᠲᠤ ᠪᠠᠷ ᠰᠢᠢᠳᠪᠦᠷᠢᠯᠡᠬᠦ | ᠲᠥᠰᠦᠯ ᠢ ᠰᠤᠳᠤᠯᠤᠨ ᠶᠠᠷᠢᠯᠴᠠᠵᠤ᠂ ᠬᠢᠨᠠᠨ ᠬᠠᠮᠢᠶᠠᠷᠬᠤ ᠠᠷᠭ᠎ᠠ ᠪᠠᠷᠢᠯ ᠢ ᠰᠢᠯᠢᠳᠡᠭᠵᠢᠭᠦᠯᠬᠦ ᠠᠴᠠ ᠬᠠᠤᠯᠢ | ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠬᠦ ᠬᠦᠷᠲᠡᠯ᠎ᠡ᠂ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠤᠮᠤ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠨᠢ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠮᠦᠨ᠎ᠡ ᠹᠷᠣᠨᠲ ᠪᠣᠯᠤᠭᠰᠠᠨ ᠤ ᠬᠤᠪᠢ ᠳᠤ᠂ ᠦᠨᠳᠦᠰᠦᠨ | ᠱᠠᠲᠤᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤᠮᠳᠠ | ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠨ᠎ᠠ᠃ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠰᠤᠮᠤ ᠪᠠᠯᠭᠠᠰᠤ ᠵᠡᠭᠡᠯᠢ ᠭᠤᠳᠤᠮᠵᠢ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ | ᠴᠢᠷᠮᠠᠶᠢᠵᠤ᠂ ᠦᠢᠯᠡ ᠠᠵᠢᠯᠯᠠᠭ᠎ᠠ ᠪᠠᠷ ᠢᠶᠠᠨ ᠦᠢᠯᠡ ᠲᠠᠢ ᠬᠠᠷᠢᠴᠠᠭᠤᠯᠭ᠎ᠠ ᠲᠠᠢ ᠪᠠᠶᠢᠬᠤ ᠶᠢ ᠲᠣᠳᠣᠷᠬᠠᠶᠢᠯᠠᠬᠤ | ᠬᠡᠷᠡᠭᠲᠡᠶ︔ ᠬᠤᠶᠠᠷ ᠲᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠶᠡᠷᠦᠩᠬᠡᠶᠢᠯᠡᠨ ᠵᠠᠰᠠᠬᠤ ᠲᠥᠪ ᠲᠤ ᠲᠦᠰᠢᠭᠯᠡᠨ᠂ ᠳᠠᠯᠠᠨ ᠪᠤᠯᠠᠭ ᠪᠠᠯᠭᠠᠰᠤᠨ ᠤ《 ᠭᠤᠷᠪᠠᠨ ᠣᠷᠳᠣ ᠵᠠᠰᠠᠯᠲᠠ ᠶᠢᠨ | ᠰᠠᠯᠪᠤᠷᠢ ᠠᠩᠭᠢ 》 ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠡᠯᠪᠡᠷᠢ ᠶᠢ ᠰᠤᠷᠤᠯᠴᠠᠵᠤ᠂ ᠠᠷᠠᠳ ᠤᠨ | ᠡᠶᠡᠳᠡᠭᠦᠯᠭᠡ᠂ ᠭᠡᠷ ᠬᠤᠷᠢᠶᠠᠯᠠᠯ ᠤᠨ ᠵᠠᠰᠠᠮᠵᠢᠯᠠᠬᠤ᠂ ᠲᠥᠪᠬᠢᠨᠡᠭᠦᠯᠵᠦ ᠬᠠᠪᠰᠤᠷᠤᠨ ᠬᠥᠮᠦᠵᠢᠭᠦᠯᠬᠦ ᠵᠡᠷᠭᠡ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠨ᠎ᠠ︔ | ᠭᠤᠷᠪᠠ ᠳᠤ《 ᠨᠢᠭᠡ ᠲᠣᠰᠬᠤᠨ ᠳᠤ ᠨᠢᠭᠡ ᠬᠠᠤᠯᠢᠴᠢ ᠨᠢᠭᠡ ᠠᠯᠪᠠᠨ ᠭᠡᠷᠡᠴᠢᠯᠡᠭᠴᠢ 》᠂《 ᠬᠥᠨᠳᠡᠯᠡᠨ | ᠭᠤᠯᠳᠤ ᠪᠠᠷ ᠵᠣᠭᠤᠭᠳᠠᠬᠤ ᠠᠷᠭ᠎ᠠ 》ᠵᠡᠷᠭᠡ ᠠᠵᠢᠯ ᠤᠨ ᠵᠠᠭᠪᠤᠷ ᠲᠤ ᠰᠢᠨ᠎ᠡ ᠶᠢ ᠡᠭᠦᠳᠴᠦ᠂ ᠲᠣᠰ ᠭᠠᠵᠠᠷ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷᠮᠢᠴᠡ ᠣᠨᠴᠠᠯᠢᠭ ᠲᠠᠢ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯ ᠤᠨ ᠨᠠᠷᠠᠲᠤ ᠲᠡᠮᠳᠡᠭ ᠢ ᠡᠭᠦᠳᠦᠨ᠎ᠡ︔ ᠳᠥᠷᠪᠡ ᠳᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠪᠠᠶᠢᠭᠤᠯᠭ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ᠂ ᠰᠤᠮᠤ ᠪᠠᠯᠭᠠᠰᠤᠨ ᠤ | ᠵᠡᠭᠡᠯᠢ ᠭᠤᠳᠤᠮᠵᠢ ᠶᠢᠨ ᠠᠵᠢᠯᠲᠠᠨ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠠᠵᠢᠯ ᠤᠨ ᠬᠦᠴᠦᠨ ᠬᠦᠷᠦᠯᠴᠡᠬᠦ ᠥᠬᠡᠶ ᠠᠰᠠᠭᠤᠳᠠᠯ ᠢ ᠨᠥᠬᠦᠪᠥᠷᠢᠯᠡᠵᠦ᠂ ᠪᠠᠭ᠎ᠠ | ᠪᠦᠯᠬᠦᠮ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠥᠨᠳᠥᠷ ᠪᠦᠲᠦᠮᠵᠢᠲᠡᠶ ᠪᠠᠷ ᠬᠠᠮᠵᠢᠯᠴᠠᠨ ᠰᠢᠯᠢᠳᠡᠭ ᠠᠮᠵᠢᠯᠲᠠ | ᠭᠠᠷᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠨ᠎ᠠ᠃ | ᠲᠣᠰ ᠤᠳᠠᠭᠠᠨ ᠤ ᠡᠭᠡᠯᠵᠢᠲᠤ ᠬᠤᠷᠠᠯ ᠤᠨ ᠬᠤᠷᠠᠯᠳᠤᠭᠰᠠᠨ ᠨᠢ ᠡᠯ᠎ᠡ ᠬᠠᠤᠯᠢ ᠴᠠᠭᠠᠵᠠ ᠶᠢᠨ ᠭᠠᠵᠠᠷ ᠲᠤ | ᠰᠣᠯᠢᠯᠴᠠᠨ ᠰᠤᠷᠤᠯᠴᠠᠬᠤ ᠲᠠᠪᠴᠠᠩ ᠪᠠᠶᠢᠭᠤᠯᠤᠨ ᠥᠭᠴᠦ᠂ ᠠᠵᠢᠯ ᠤᠨ ᠴᠢᠭᠯᠡᠯ ᠪᠠ ᠭᠤᠤᠯᠳᠠᠯᠭ᠎ᠠ ᠪᠠᠨ ᠤᠯᠠᠮ | ᠨᠢᠭᠡ ᠠᠯᠬᠤᠮ ᠲᠣᠳᠣᠷᠬᠠᠶᠢᠯᠠᠪᠠ᠃ ᠬᠠᠤᠯᠢ ᠴᠠᠭᠠᠵᠠ ᠶᠢᠨ ᠲᠣᠪᠴᠢᠶ᠎ᠠ ᠲᠣᠰ ᠤᠳᠠᠭ᠎ᠠ ᠶᠢᠨ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠰᠤᠮᠤ ᠪᠠᠯᠭᠠᠰᠤ ᠵᠡᠭᠡᠯᠢ ᠭᠤᠳᠤᠮᠵᠢ ᠶᠢᠨ ᠨᠡᠶᠢᠭᠡᠮ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠦᠴᠦ ᠨᠡᠮᠡᠷᠢᠯᠡᠨ᠎ᠡ᠃ | | | | | | | | |