ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠲᠥᠪ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠬᠠᠷᠢᠶ᠎ᠠ ᠭᠠᠵᠠᠷ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠰᠦᠯᠵᠢᠶᠡᠨ ᠥᠷᠲᠡᠭᠡ ᠲᠠᠢ ᠪᠣᠯᠵᠣᠨ ᠶᠠᠷᠢᠯᠴᠠᠪᠠ᠃ | ᠪᠠᠶᠢᠴᠠᠭᠠᠭᠰᠠᠨ ᠢᠶᠠᠷ᠂ 2 ᠰᠦᠯᠵᠢᠶᠡᠨ ᠥᠷᠲᠡᠭᠡᠨ ᠤ ᠬᠠᠷᠢᠭᠤᠴᠠᠯᠭᠠᠲᠠᠨ ᠰᠦᠯᠵᠢᠶᠡᠨ ᠤ ᠠᠮᠤᠷ ᠲᠦᠪᠰᠢᠨ ᠤ | ᠤᠬᠠᠮᠰᠠᠷ ᠠᠨᠠᠶ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ᠂ ᠡᠳᠦᠷ ᠲᠤᠲᠤᠮ ᠤᠨ | ᠬᠠᠮᠢᠶᠠᠷᠤᠯᠲᠠ ᠨᠢ ᠬᠦᠷᠦᠯᠴᠡᠬᠦ ᠥᠬᠡᠶ᠂ ᠰᠦᠯᠵᠢᠶᠡᠨ ᠤ ᠨᠡᠷ᠎ᠡ ᠶᠢ ᠬᠠᠭᠠᠵᠤ ᠵᠣᠭᠰᠣᠭᠠᠭᠰᠠᠨ ᠤ ᠳᠠᠷᠠᠭ᠎ᠠ | ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠬᠦᠴᠦᠨ ᠥᠬᠡᠶ ᠪᠣᠯᠭᠠᠭᠰᠠᠨ | ᠥᠬᠡᠶ ᠠᠴᠠ ᠰᠦᠯᠵᠢᠶᠡᠨ ᠤ ᠨᠡᠷ᠎ᠡ ᠶᠢ ᠪᠤᠰᠤᠳ ᠬᠥᠮᠦᠨ ᠳᠤ ᠵᠠᠪᠳᠤᠨ ᠳᠠᠩᠰᠠᠯᠠᠭᠤᠯᠤᠭᠰᠠᠨ᠂ ᠬᠠᠤᠯᠢ | ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠲᠠᠷᠬᠠᠭᠠᠬᠤ ᠳᠤ ᠬᠡᠷᠡᠭᠯᠡᠵᠦ᠂ ᠬᠠᠤᠯᠢ ᠶᠢ ᠵᠥᠷᠢᠴᠡᠭᠰᠡᠨ ᠬᠤᠤᠷ | ᠬᠥᠨᠥᠭᠡᠯ ᠲᠠᠢ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠤᠯᠠᠮᠵᠢᠯᠠᠨ ᠲᠠᠷᠬᠠᠭᠠᠵᠤ᠂ ᠰᠦᠯᠵᠢᠶᠡᠨ ᠤ ᠣᠷᠴᠢᠨ | ᠠᠬᠤᠶ ᠳᠤ ᠮᠠᠭᠤ ᠨᠥᠯᠥᠭᠡ ᠤᠴᠠᠷᠠᠭᠤᠯᠤᠭᠰᠠᠨ ᠪᠠᠶᠢᠨ᠎ᠠ᠃ ᠣᠳᠣᠬᠠᠨ ᠳᠤ᠂ ᠬᠠᠮᠲᠤᠷᠠᠭᠰᠠᠨ ᠪᠣᠯᠵᠣᠨ ᠶᠠᠷᠢᠯᠴᠠᠬᠤ | ᠳᠤᠭᠤᠶᠢᠯᠠᠩ ᠨᠢᠭᠡᠨᠲᠡ《 ᠴᠡᠭᠴᠡᠯᠡᠨ ᠰᠠᠶᠢᠵᠢᠷᠠᠭᠤᠯᠬᠤ ᠶᠢ ᠵᠠᠷᠯᠢᠭᠳᠠᠬᠤ ᠮᠡᠳᠡᠭᠳᠡᠯ ᠤᠨ ᠪᠢᠴᠢᠭ 》ᠪᠠᠭᠤᠯᠭᠠᠵᠤ᠂ | ᠰᠦᠯᠵᠢᠶᠡᠨ ᠤ ᠬᠠᠷᠢᠭᠤᠴᠠᠯᠭᠠᠲᠠᠨ ᠢ ᠰᠦᠯᠵᠢᠶᠡᠨ ᠥᠷᠲᠡᠭᠡ ᠳᠤ ᠣᠷᠣᠰᠢᠵᠤ ᠪᠠᠶᠢᠭ᠎ᠠ ᠠᠰᠠᠭᠤᠳᠠᠯ ᠢ ᠳᠠᠷᠤᠶ | ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠵᠠᠷᠯᠢᠭᠳᠠᠵᠠᠶ᠃ ᠰᠦᠯᠵᠢᠶᠡᠨ ᠤ ᠬᠠᠷᠢᠭᠤᠴᠠᠯᠭᠠᠲᠠᠨ | ᠪᠣᠯᠵᠣᠨ ᠶᠠᠷᠢᠯᠴᠠᠬᠤ ᠳᠠᠭᠠᠨ᠂ ᠠᠰᠠᠭᠤᠳᠠᠯ ᠤᠨ ᠬᠦᠨᠳᠦ ᠨᠣᠴᠢᠲᠠᠶ ᠴᠢᠨᠠᠷ ᠢ ᠨᠢᠭᠡᠨᠲᠡ ᠭᠦᠢᠴᠡᠳ ᠲᠠᠨᠢᠵᠤ᠂ | ᠬᠠᠮᠢᠶᠠᠷᠤᠯᠲᠠ ᠶᠢ ᠳᠠᠭᠠᠵᠤ᠂ ᠳᠠᠷᠤᠢ ᠳᠤᠨᠢ ᠴᠡᠭᠴᠡᠯᠡᠨ ᠥᠭᠡᠷᠡᠴᠢᠯᠡᠵᠦ᠂ ᠬᠤᠶᠢᠰᠢᠳᠠ ᠰᠦᠯᠵᠢᠶᠡᠨ ᠤ ᠬᠠᠤᠯᠢ | ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠰᠤᠷᠤᠯᠴᠠᠨ᠎ᠠ ᠭᠡᠵᠦ ᠢᠯᠡᠷᠬᠡᠶᠢᠯᠡᠵᠡᠶ᠃ | ᠠᠳᠡ᠂ ᠠᠵᠢᠯᠲᠠᠳ ᠣᠨᠴᠠᠭᠠᠶᠢᠯᠠᠨ ᠰᠠᠨᠠᠭᠤᠯᠬᠤ ᠳᠠᠭᠠᠨ᠂ ᠢᠨᠲ᠋ᠧᠷᠨ᠋ᠷᠲ ᠰᠦᠯᠵᠢᠶ᠎ᠡ ᠨᠢ ᠬᠠᠤᠯᠢ ᠶᠢᠨ | ᠭᠠᠳᠠᠨᠠᠬᠢ ᠭᠠᠵᠠᠷ ᠪᠢᠰᠢ᠂ ᠰᠦᠯᠵᠢᠶᠡᠨ ᠥᠷᠲᠡᠭᠡ ᠨᠢ ᠥᠪᠡᠰᠦᠪᠡᠨ ᠬᠠᠮᠠᠭᠠᠯᠠᠬᠤ ᠪᠤᠶᠤ ᠭᠤᠷᠪᠠᠳᠠᠬᠢ ᠡᠲᠡᠭᠡᠳ ᠲᠤ | ᠨᠠᠶᠢᠳᠠᠵᠤ ᠣᠷᠣᠯᠠᠨ ᠬᠠᠮᠢᠶᠠᠷᠤᠭᠤᠯᠵᠤ᠂ ᠭᠤᠤᠯᠯᠠᠨ ᠡᠷᠬᠢᠯᠡᠭᠴᠢ ᠨᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠭᠡᠵᠦ᠂ ᠡᠳᠦᠷ ᠲᠤᠲᠤᠮ ᠤᠨ ᠬᠢᠨᠠᠨ ᠬᠠᠷᠭᠤᠭᠤᠯᠤᠯᠲᠠ ᠪᠠᠨ ᠴᠢᠩᠭᠠᠳᠬᠠᠵᠤ᠂ ᠬᠤᠭᠤᠴᠠᠭ᠎ᠠ | ᠲᠤᠯᠤᠭᠰᠠᠨ ᠪᠤᠶᠤ ᠬᠡᠷᠡᠭᠯᠡᠬᠦ ᠪᠠᠨ ᠵᠣᠭᠰᠣᠭᠰᠠᠨ ᠰᠦᠯᠵᠢᠶᠡᠨ ᠥᠷᠲᠡᠭᠡ ᠨᠢ ᠡᠷᠬᠡᠪᠰᠢ ᠳᠠᠩᠰᠠᠯᠠᠭᠤᠯᠤᠭᠰᠠᠨ ᠮᠡᠳᠡᠭᠡ | ᠵᠠᠩᠭᠢ ᠪᠠᠨ ᠴᠠᠭ ᠲᠤᠬᠠᠶ ᠳᠤᠨᠢ ᠬᠦᠴᠦᠨ ᠥᠬᠡᠶ ᠪᠣᠯᠭᠠᠵᠤ᠂ ᠰᠦᠯᠵᠢᠶᠡᠨ ᠤ ᠨᠡᠷ᠎ᠡ ᠶᠢ ᠬᠠᠤᠯᠢ ᠪᠤᠰᠤ ᠡᠲᠡᠭᠡᠳ ᠤᠨ | ᠠᠰᠢᠭᠯᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠬᠢᠬᠦ ᠶᠢ ᠴᠢᠩᠭ᠎ᠠ ᠰᠡᠷᠭᠡᠶᠢᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠰᠦᠯᠵᠢᠶᠡᠨ ᠤ ᠠᠮᠢ ᠠᠬᠤᠶ ᠶᠢ ᠬᠠᠮᠲᠤ ᠪᠠᠷ ᠬᠠᠮᠠᠭᠠᠯᠠᠬᠤ ᠬᠡᠷᠡᠭᠲᠡᠶ ᠭᠡᠵᠡᠶ᠃ | | | | | | | | | | | |