ᠵᠢᠤ ᠶᠤᠸᠠᠨ ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠬᠥᠳᠡᠭᠡ ᠲᠣᠰᠬᠤᠨ ᠤ ᠲᠠᠷᠢᠵᠤ ᠲᠡᠵᠢᠭᠡᠨ ᠦᠷᠡᠵᠢᠭᠦᠯᠬᠦ ᠠᠵᠢᠯ ᠮᠡᠷᠭᠡᠵᠢᠯ ᠤᠨ ᠪᠤᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/14
    ᠬᠥᠳᠡᠭᠡ ᠲᠣᠰᠬᠤᠨ ᠤ ᠵᠡᠮᠳᠡᠭᠴᠦᠳ ᠤᠨ ᠡᠷᠬᠢᠯᠡᠭᠰᠡᠨ ᠠᠵᠢᠯ ᠤᠨ ᠮᠡᠷᠭᠡᠵᠢᠯ ᠪᠣᠯᠤᠨ ᠠᠵᠢᠯ ᠣᠯᠵᠤ ᠠᠳᠠᠯ ᠦᠢᠯᠡᠰ ᠪᠣᠰᠬᠠᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠷ ᠪᠦᠯᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠨᠢ ᠨᠡᠮᠡᠭᠳᠡᠭᠦᠯᠵᠦ᠂ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠦᠯᠦᠭᠡ᠃ ᠲᠣᠰ ᠭᠠᠷᠠᠭ ᠲᠤ᠂ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠬᠥᠳᠡᠭᠡ ᠲᠣᠰᠬᠤᠨ ᠤ ᠳᠠᠷᠢᠵᠤ ᠲᠡᠵᠢᠭᠡᠨ ᠦᠷᠡᠵᠢᠭᠦᠯᠬᠦ ᠠᠵᠢᠯ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠪᠡ᠃ ᠲᠣᠰ ᠤᠳᠠᠭᠠᠨ ᠤ ᠪᠤᠯᠪᠠᠰᠤᠷᠠᠯ ᠤᠨ ᠵᠣᠷᠢᠯᠭ᠎ᠠ ᠨᠢ ᠰᠢᠰᠲ᠋ᠧᠮ ᠲᠠᠢ ᠡᠷᠳᠡᠨᠢ ᠰᠢᠰᠢ ᠳᠠᠷᠢᠬᠤ ᠵᠢᠴᠢ ᠬᠤᠨᠢ ᠲᠡᠵᠢᠭᠡᠬᠦ ᠮᠡᠷᠭᠡᠵᠢᠯ ᠤᠨ ᠪᠣᠯᠪᠠᠰᠤᠷᠠᠯ ᠢᠶᠠᠷ ᠳᠠᠮᠵᠢᠭᠤᠯᠤᠨ᠂ ᠵᠡᠮᠳᠡᠭᠴᠦᠳ ᠢ ᠬᠠᠪᠰᠤᠷᠤᠨ ᠬᠡᠷᠡᠭᠯᠡᠭᠡᠨ ᠤ ᠮᠡᠷᠭᠡᠵᠢᠯ ᠢ ᠡᠵᠡᠮᠰᠢᠭᠦᠯᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠠᠵᠢᠬᠤ ᠠᠷᠭ᠎ᠠ ᠵᠠᠮ ᠢ ᠨᠢ ᠥᠷᠭᠡᠳᠬᠡᠵᠦ᠂ ᠠᠮᠢᠳᠤᠷᠠᠯ ᠤᠨ ᠶᠠᠰᠤ ᠴᠢᠨᠠᠷ ᠢ ᠨᠢ ᠰᠠᠶᠢᠵᠢᠷᠠᠭᠤᠯᠬᠤ ᠶᠢᠨ ᠲᠥᠯᠥᠭᠡ ᠶᠤᠮ᠃    ᠲᠣᠰ ᠤᠳᠠᠭᠠᠨ ᠤ ᠪᠣᠯᠪᠠᠰᠤᠷᠠᠯ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 32 ᠨᠡᠷᠡᠰ ᠬᠥᠳᠡᠭᠡ ᠲᠣᠰᠬᠤᠨ ᠤ ᠵᠡᠮᠳᠡᠭᠴᠦᠳ ᠵᠢᠴᠢ ᠵᠡᠮᠳᠡᠭᠴᠦᠳ ᠤᠨ ᠬᠡᠷ ᠪᠦᠯᠢ ᠶᠢᠨ ᠬᠢᠨ ᠢ ᠣᠷᠣᠯᠴᠠᠭᠤᠯᠪᠠ᠃ ᠪᠤᠯᠪᠠᠰᠤᠷᠠᠯ ᠤᠨ ᠬᠢᠴᠢᠶᠡᠯ ᠨᠢ ᠡᠷᠳᠡᠨᠢ ᠰᠢᠰᠢ ᠳᠠᠷᠢᠬᠤ ᠵᠢᠴᠢ ᠬᠤᠨᠢ ᠲᠡᠵᠢᠭᠡᠬᠦ ᠮᠡᠷᠭᠡᠵᠢᠯ ᠤᠨ ᠲᠣᠭᠤᠷᠢᠨ ᠳᠤ ᠶᠠᠪᠤᠭᠳᠠᠵᠤ᠂ ᠰᠤᠷᠤᠭᠴᠢᠳ ᠢ ᠬᠠᠪᠰᠤᠷᠤᠨ ᠡᠷᠳᠡᠨᠢ ᠰᠢᠰᠢ ᠳᠠᠷᠢᠬᠤ ᠡᠯ᠎ᠡ ᠭᠤᠭᠴᠤᠭ᠎ᠠ ᠪᠠ ᠬᠤᠨᠢ ᠲᠡᠵᠢᠭᠡᠬᠦ ᠶᠠᠪᠤᠴᠠ ᠳᠤ ᠦᠷᠭᠦᠯᠵᠢ ᠲᠣᠬᠢᠶᠠᠯᠳᠤᠳᠠᠭ ᠡᠯ᠎ᠡ ᠲᠥᠷᠥᠯ ᠤᠨ ᠠᠰᠠᠭᠤᠳᠠᠯ ᠢ ᠭᠦᠨᠵᠡᠭᠡᠶ ᠣᠶᠢᠯᠠᠭᠠᠭᠤᠯᠵᠤ᠂ ᠲᠡᠳᠡᠨ ᠤ ᠪᠣᠳᠠᠲᠠᠶ ᠦᠢᠯᠡᠳᠪᠦᠷᠢᠯᠡᠯ ᠤᠨ ᠳᠤᠮᠳᠠ ᠲᠣᠬᠢᠶᠠᠯᠳᠤᠭᠰᠠᠨ ᠬᠦᠴᠢᠷ ᠠᠰᠠᠭᠤᠳᠠᠯ ᠳᠤ ᠦᠨᠡᠨᠬᠦ ᠬᠡᠷᠡᠭᠵᠢᠭᠦᠯᠦᠭᠦᠰᠢᠲᠡᠶ ᠰᠢᠢᠳᠪᠦᠷᠢᠯᠡᠬᠦ ᠲᠥᠰᠦᠯ ᠬᠠᠩᠭᠠᠬᠤ ᠪᠠᠷ ᠴᠢᠷᠮᠠᠶᠢᠨ᠎ᠠ᠃    ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ᠂ ᠪᠣᠯᠪᠠᠰᠤᠷᠠᠯ ᠳᠤ ᠲᠥᠪᠯᠡᠷᠡᠭᠦᠯᠦᠨ ᠬᠢᠴᠢᠶᠡᠯᠯᠡᠬᠦ ᠪᠠ ᠪᠣᠳᠠᠲᠠᠶ ᠪᠣᠯᠪᠠᠰᠤᠷᠠᠯ ᠤᠨ ᠠᠵᠢᠯᠯᠠᠭᠠᠨ ᠢ ᠤᠶᠠᠯᠳᠤᠭᠤᠯᠤᠭᠰᠠᠨ ᠣᠯᠠᠨ ᠡᠰᠢᠴᠢᠯᠡᠭᠰᠡᠨ ᠵᠠᠭᠪᠤᠷ ᠢ ᠬᠡᠷᠡᠭᠯᠡᠪᠡ᠃ ᠲᠥᠪᠯᠡᠷᠡᠭᠦᠯᠦᠨ ᠬᠢᠴᠢᠶᠡᠯᠯᠡᠬᠦ ᠭᠤᠭᠴᠤᠭ᠎ᠠ ᠳᠤ᠂ ᠲᠤᠰᠬᠠᠢ ᠮᠡᠷᠭᠡᠵᠢᠯᠲᠡᠳ ᠵᠢᠷᠤᠭ ᠪᠢᠴᠢᠭ ᠬᠤᠣᠰᠯᠠᠭᠰᠠᠨ ᠬᠢᠴᠢᠶᠡᠯ ᠤᠨ ᠦᠵᠡᠭᠦᠯᠭᠡ ᠪᠠᠷ ᠳᠠᠮᠵᠢᠨ᠂ ᠬᠢᠯᠪᠠᠷ ᠣᠶᠢᠯᠠᠭᠠᠮᠵᠢᠲᠠᠢ ᠲᠠᠶᠢᠯᠤᠮᠵᠢ ᠲᠠᠢ ᠤᠶᠠᠯᠳᠤᠭᠤᠯᠵᠤ᠂ ᠨᠠᠷᠢᠨ ᠪᠤᠳᠤᠯᠢᠶᠠᠨᠲᠠᠢ ᠲᠤᠰᠬᠠᠢ ᠮᠡᠷᠭᠡᠵᠢᠯ ᠤᠨ ᠮᠡᠳᠡᠯᠭᠡ ᠶᠢ ᠰᠤᠷᠤᠭᠴᠢᠳ ᠲᠤ ᠭᠦᠨᠵᠡᠭᠡᠢ ᠪᠥᠭᠡᠳ ᠣᠶᠢᠯᠠᠭᠠᠮᠵᠢᠲᠠᠢ ᠤᠯᠠᠮᠵᠢᠯᠠᠪᠠ︔ ᠪᠣᠳᠠᠲᠠᠶ ᠪᠤᠯᠪᠠᠰᠤᠷᠠᠯ ᠤᠨ ᠠᠵᠢᠯᠯᠠᠬᠤ ᠭᠤᠭᠴᠤᠭ᠎ᠠ ᠳᠤ᠂ ᠰᠤᠷᠤᠭᠴᠢᠳ ᠪᠡᠶ᠎ᠡ ᠪᠠᠷ ᠢᠶᠠᠨ ᠬᠥᠳᠡᠯᠦᠯᠴᠡᠵᠦ᠂ ᠲᠤᠰᠬᠠᠶ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠤᠤᠷ᠎ᠠ ᠪᠣᠳᠠᠲᠠᠶ ᠠᠵᠢᠯᠯᠠᠭ᠎ᠠ ᠬᠢᠵᠦ᠂ ᠣᠨᠣᠯ ᠤᠨ ᠮᠡᠳᠡᠯᠭᠡ ᠶᠢ ᠪᠣᠳᠠᠲᠠᠶ ᠤᠷ᠎ᠠ ᠴᠢᠳᠠᠪᠤᠷᠢ ᠪᠣᠯᠭᠠᠨ ᠬᠤᠪᠢᠷᠠᠭᠤᠯᠵᠤ᠂ ᠰᠤᠷᠤᠭᠴᠢᠳ ᠲᠤ ᠮᠡᠷᠭᠡᠵᠢᠯ ᠤᠨ ᠭᠤᠤᠯᠳᠠᠯᠭ᠎ᠠ ᠶᠢ ᠠᠮᠠᠷᠬᠠᠨ ᠤᠶᠢᠯᠠᠭᠠᠭᠤᠯᠵᠤ᠂ ᠲᠦᠷᠭᠡᠨ ᠡᠵᠡᠮᠰᠢᠭᠦᠯᠪᠡ᠃ ᠪᠣᠯᠪᠠᠰᠤᠷᠠᠯ ᠤᠨ ᠶᠠᠪᠤᠴᠠ ᠳᠤ᠂ ᠰᠤᠷᠤᠭᠴᠢᠳ ᠢᠳᠡᠪᠬᠢᠲᠡᠢ ᠠᠰᠠᠭᠤᠯᠲᠠ ᠳᠤᠷᠠᠳᠴᠤ᠂ ᠲᠤᠰᠬᠠᠢ ᠮᠡᠷᠭᠡᠵᠢᠯᠲᠡᠨ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠵᠦ᠂ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠡᠯᠪᠡᠭ ᠬᠤᠷᠢᠶᠠᠯᠲᠠ ᠣᠯᠵᠤ᠂ ᠪᠣᠳᠠᠲᠠᠶ ᠬᠡᠷᠡᠭᠯᠡᠭᠡᠨ ᠤ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ ᠡᠵᠡᠮᠰᠢᠭᠰᠡᠨ ᠢᠶᠠᠷ ᠪᠠᠷᠠᠬᠤ ᠥᠬᠡᠶ᠂ ᠪᠠᠰᠠ ᠥᠪᠡᠰᠦᠪᠡᠨ ᠠᠳᠠᠯ ᠦᠢᠯᠡᠰ ᠴᠣᠭᠴᠠᠯᠠᠬᠤ ᠢᠲᠡᠭᠡᠯ ᠢ ᠨᠡᠮᠡᠭᠳᠡᠭᠦᠯᠪᠡ᠃ ᠮᠠᠰᠢ ᠣᠯᠠᠨ ᠰᠤᠷᠤᠭᠴᠢᠳ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠢ ᠲᠤᠷᠰᠢᠨ ᠬᠥᠭᠵᠢᠭᠦᠯᠵᠦ᠂ ᠥᠪᠡᠷ ᠤᠨ ᠠᠵᠢᠯᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠡᠶᠡᠵᠢᠨ ᠴᠢᠨᠡᠭᠡᠯᠢᠭᠵᠢᠬᠦ ᠰᠠᠶᠢᠨ ᠰᠠᠶᠢᠬᠠᠨ ᠬᠦᠰᠡᠯ ᠢᠶᠠᠨ ᠪᠡᠶᠡᠯᠡᠭᠦᠯᠦᠨ᠎ᠡ ᠭᠡᠵᠦ ᠢᠯᠡᠷᠬᠡᠶᠢᠯᠡᠵᠡᠶ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠨᠢ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠶᠢᠨ ᠲᠣᠭᠲᠠᠴᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂  ᠪᠤᠯᠪᠠᠰᠤᠷᠠᠯ ᠳᠤ ᠣᠷᠣᠯᠴᠠᠬᠤ ᠬᠥᠮᠦᠰ ᠲᠤ ᠦᠷᠭᠦᠯᠵᠢᠯᠡᠨ ᠮᠥᠷᠳᠡᠨ ᠵᠢᠯᠣᠭᠤᠳᠬᠤ ᠦᠢᠯᠡᠴᠢᠯᠡᠭᠡ ᠬᠠᠩᠭᠠᠵᠤ᠂ ᠲᠡᠳᠡᠨ ᠤ ᠳᠠᠷᠢᠵᠤ ᠲᠡᠵᠢᠭᠡᠨ ᠦᠷᠡᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠢ ᠬᠠᠪᠰᠤᠷᠤᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ ᠪᠢᠳᠡ ᠪᠠᠰᠠ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠪᠠ ᠣᠨᠴᠠᠯᠢᠭ ᠲᠤ ᠨᠡᠶᠢᠴᠡᠭᠰᠡᠨ ᠠᠵᠢᠯ ᠮᠡᠷᠭᠡᠵᠢᠯ ᠤᠨ ᠪᠤᠯᠪᠠᠰᠤᠷᠠᠯ ᠤᠨ ᠲᠥᠷᠥᠯ ᠵᠦᠢᠯ ᠢ ᠨᠠᠩ ᠣᠯᠠᠨ ᠢᠳᠡᠪᠬᠢᠲᠡᠶ ᠭᠦᠨᠵᠡᠭᠡᠶ ᠰᠦᠪᠡᠭᠴᠢᠯᠡᠵᠦ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠠᠮ ᠳᠤ ᠤᠯᠠᠮ ᠪᠠᠲᠤ ᠪᠠᠬᠢ ᠰᠠᠭᠤᠷᠢ ᠲᠠᠯᠪᠢᠵᠤ᠂ ᠤᠯᠠᠮ ᠪᠥᠬᠦ ᠲᠠᠯ᠎ᠠ ᠶᠢᠨ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号