ᠵᠢᠦ ᠶᠤᠸᠠᠨ ᠲᠣᠭᠤᠷᠢᠭ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠢᠴᠢ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/14
    ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠵᠢᠴᠢ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ 》 ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠬᠦᠴᠦ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠬᠤᠶᠠᠷᠬᠤᠳᠳᠤᠭ ᠪᠠᠯᠭᠠᠰᠤ ᠳᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠢᠴᠢ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠢᠪᠠ᠃ ᠪᠤᠭᠤᠲᠤ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠵᠢᠴᠢ ᠵᠢᠦ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠤᠯᠪᠣᠭᠳᠠᠯ ᠪᠥᠬᠦᠶ ᠮᠡᠷᠭᠡᠵᠢᠯ ᠤᠨ ᠠᠵᠢᠯᠲᠠᠨ ᠬᠤᠷᠠᠯ ᠳᠤ ᠣᠷᠣᠯᠴᠠᠪᠠ᠃
11.jpg
    ᠦᠵᠡᠭᠦᠯᠦᠯᠭᠡ ᠶᠢᠨ ᠬᠤᠷᠠᠯ ᠳᠡᠭᠡᠷ᠎ᠡ᠂ ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠸᠠᠩ ᠰᠢᠶᠤᠤ ᠶᠦᠨ ᠡᠩ ᠲᠡᠷᠢᠭᠦᠨ ᠳᠤ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠠᠬᠤᠶ ᠪᠠᠶᠢᠳᠠᠯ ᠵᠢᠴᠢ ᠠᠷᠭ᠎ᠠ ᠬᠡᠮᠵᠢᠶ᠎ᠡ ᠶᠢᠨ ᠲᠤᠬᠠᠶ ᠲᠥᠬᠦᠮ ᠲᠠᠨᠢᠯᠴᠠᠭᠤᠯᠭ᠎ᠠ ᠬᠢᠪᠠ᠂ ᠲᠠᠷᠢᠶᠠᠯᠠᠩ ᠤᠨ ᠪᠦᠷᠬᠦᠪᠴᠢ ᠨᠢ ᠳᠥᠷᠪᠡᠨ ᠶᠡᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠢᠭᠡ ᠪᠣᠯᠤᠭᠰᠠᠨ ᠤ ᠬᠤᠪᠢ ᠳᠤ᠂ ᠳᠤᠯᠠᠭᠠᠨ ᠢ ᠨᠡᠮᠡᠭᠳᠡᠭᠦᠯᠵᠦ᠂ ᠭᠠᠩ ᠢ ᠡᠰᠡᠷᠭᠦᠴᠡᠨ ᠤᠰᠤ ᠠᠷᠪᠢᠯᠠᠬᠤ᠂ ᠪᠤᠵᠠᠷ ᠡᠪᠡᠰᠦ ᠶᠢ ᠬᠤᠷᠢᠭᠯᠠᠬᠤ ᠵᠡᠷᠭᠡ ᠰᠠᠶᠢᠨ ᠴᠢᠳᠠᠮᠵᠢ ᠲᠠᠢ ᠪᠠᠶᠢᠵᠤ᠂ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠬᠡᠷᠡᠭᠯᠡᠬᠦ ᠶᠠᠪᠤᠴᠠ ᠳᠤ ᠬᠤᠷᠢᠶᠠᠨ ᠠᠪᠬᠤ ᠦᠷ᠎ᠡ ᠪᠦᠲᠦᠮᠵᠢ ᠳᠤᠤᠷ᠎ᠠ᠂ ᠬᠥᠷᠥᠰᠥ ᠰᠢᠷᠣᠶ ᠶᠢᠨ ᠪᠦᠷᠬᠦᠪᠴᠢ ᠶᠢᠨ ᠦᠯᠡᠳᠡᠭᠳᠡᠯ ᠤᠨ ᠪᠣᠬᠢᠷᠲᠤᠯ ᠤᠨ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠤᠷᠭᠤᠮᠠᠯ ᠤᠨ ᠥᠰᠥᠯᠲᠡ ᠶᠢ ᠨᠥᠯᠥᠭᠡᠯᠡᠵᠦ᠂ ᠡᠬᠢ ᠪᠠᠶᠠᠯᠢᠭ ᠢ ᠪᠦᠷᠢᠯᠭᠡᠨ ᠰᠦᠢᠳᠭᠡᠬᠦ ᠮᠥᠷᠲᠡᠭᠡᠨ ᠣᠷᠴᠢᠨ ᠲᠣᠭᠤᠷᠢᠨ ᠢ ᠴᠤ ᠲᠦᠢᠯ ᠤᠨ ᠶᠡᠭᠡ ᠪᠣᠬᠢᠷᠲᠤᠭᠤᠯᠳᠠᠭ᠂ ᠡᠶᠢᠮᠦ ᠠᠴᠠ ᠬᠠᠶᠠᠭᠳᠠᠮᠠᠯ ᠪᠦᠷᠬᠦᠪᠴᠢ ᠶᠢ ᠬᠤᠷᠢᠶᠠᠨ ᠠᠪᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ᠃ ᠳᠠᠷᠠᠭ᠎ᠠ ᠨᠢ᠂ ᠬᠤᠲᠠ ᠶᠢᠨ ᠲᠠᠷᠢᠶᠠᠯᠠᠩ ᠤᠨ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠲᠠᠷᠢᠶᠠᠯᠠᠩ ᠤᠨ ᠪᠦᠷᠬᠦᠪᠴᠢ ᠶᠢ ᠲᠤᠬᠠᠶ ᠶᠢᠨ ᠲᠠᠯᠠᠪᠠᠶ ᠳᠤ ᠬᠤᠷᠢᠶᠠᠨ ᠠᠪᠬᠤ ᠵᠢᠴᠢ ᠲᠠᠷᠢᠶᠠᠯᠠᠩ ᠤᠨ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠡᠬᠡ ᠲᠠᠩᠰᠠ ᠶᠢᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠠᠵᠢᠯ ᠳᠤ ᠴᠢᠭᠯᠡᠭᠦᠯᠦᠨ ᠨᠠᠷᠢᠨ ᠵᠢᠯᠣᠭᠤᠳᠣᠯᠭ᠎ᠠ ᠬᠢᠪᠠ᠃ ᠬᠠᠮᠤᠭ ᠰᠡᠭᠦᠯ ᠳᠤ᠂ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠴᠡᠪᠡᠷ ᠢᠯᠡᠳᠬᠡᠮᠵᠢ ᠶᠢ ᠬᠡᠮᠵᠢᠨ ᠲᠣᠭᠲᠠᠭᠠᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠦᠵᠡᠭᠦᠯᠦᠯᠭᠡ ᠶᠢᠨ ᠲᠤᠬᠠᠶ ᠶᠢᠨ ᠲᠠᠯᠠᠪᠠᠶ ᠳᠤ᠂ ᠬᠤᠷᠠᠯ ᠳᠤ ᠣᠷᠣᠯᠴᠠᠭᠰᠠᠳ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠠᠷᠭ᠎ᠠ ᠮᠠᠶ᠋ᠢᠭ ᠵᠢᠴᠢ ᠵᠠᠭᠪᠤᠷ ᠶᠠᠩᠵᠤ ᠠᠪᠬᠤ ᠶᠢᠨ ᠪᠣᠳᠠᠲᠠᠶ ᠨᠠᠷᠢᠨ ᠵᠦᠢᠯᠡᠰ ᠵᠡᠷᠭᠡ ᠬᠤᠯᠪᠣᠭᠳᠠᠯ ᠪᠥᠬᠦᠶ ᠠᠰᠠᠭᠤᠳᠠᠯ ᠢ ᠶᠠᠷᠢᠯᠴᠠᠨ ᠰᠣᠯᠢᠯᠴᠠᠪᠠ᠃ ᠲᠣᠰ ᠤᠳᠠᠭᠠᠨ ᠤ ᠠᠬᠤᠶ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠨᠢ ᠮᠠᠨ ᠤ ᠲᠤᠭᠤᠷᠢᠭ ᠤᠨ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠬᠠᠮᠢᠶ᠎ᠠ ᠪᠥᠬᠦᠶ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠢᠶᠠᠷ ᠪᠠᠷᠠᠬᠤ ᠥᠬᠡᠶ ᠪᠠᠰᠠ ᠮᠠᠯᠴᠢᠨ ᠲᠠᠷᠢᠶᠠᠴᠢᠨ ᠤ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠲᠤᠬᠠᠶ ᠲᠠᠨᠢᠯᠲᠠ ᠶᠢ ᠭᠦᠨᠵᠡᠭᠡᠶᠢᠷᠡᠭᠦᠯᠪᠡ᠃    ᠲᠠᠷᠢᠶᠠᠯᠠᠩ ᠤᠨ ᠪᠦᠷᠬᠦᠪᠴᠢ ᠶᠢ ᠪᠤᠴᠠᠭᠠᠨ ᠬᠤᠷᠢᠶᠠᠬᠤ ᠪᠣᠯ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠪᠠ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢᠨ ᠴᠢᠬᠤᠯᠠ ᠠᠭᠤᠯᠭ᠎ᠠ ᠪᠣᠯᠤᠨ᠎ᠠ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠦᠢᠯᠡᠳᠦᠯᠭᠡᠵᠢᠭᠦᠯᠬᠦ ᠴᠢᠬᠤᠯᠠ ᠠᠵᠢᠯᠯᠠᠭ᠎ᠠ ᠪᠣᠯᠤᠨ᠎ᠠ᠃ ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠤᠬᠠᠭᠤᠯᠭ᠎ᠠ ᠶᠢᠨ ᠪᠤᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号