ᠤᠶᠤᠨᠲᠤ ᠲᠥᠷᠥᠯ ᠬᠤᠪᠢᠶᠠᠬᠤ ᠶᠢ ᠭᠡᠷ ᠬᠤᠷᠢᠶᠠᠯᠠᠯ ᠳᠤ ᠣᠷᠣᠭᠤᠯᠵᠤ᠂ ᠪᠣᠬᠢᠷᠲᠤᠯ ᠥᠬᠡᠶ ᠠᠮᠢᠳᠤᠷᠠᠯ ᠬᠥᠮᠦᠰ ᠤᠨ ᠰᠡᠳᠬᠢᠯ ᠳᠤ ᠬᠠᠳᠠᠩᠰᠢᠪᠠ — ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠳᠠᠯᠠᠨ ᠪᠤᠯᠠᠭ ᠪᠠᠯᠭᠠᠰᠤ ᠲᠠᠢ ᠬᠠᠮᠲᠤᠷᠠᠨ ᠣᠶᠤᠨᠴᠢᠯᠠᠭᠰᠠᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠶᠢ ᠳᠡᠯᠭᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2025/4/14
    ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠶᠤᠨᠴᠢᠯᠠᠭᠰᠠᠨ ᠬᠤᠭ ᠨᠣᠪᠰᠢ ᠶᠢ ᠲᠥᠷᠥᠯ ᠬᠤᠪᠢᠶᠠᠬᠤ ᠪᠠᠶᠢᠭᠤᠯᠤᠯᠲᠠ ᠶᠢ ᠰᠢᠨ᠎ᠡ ᠶᠢ ᠡᠭᠦᠳᠦᠨ ᠠᠬᠢᠭᠤᠯᠵᠤ᠂ ᠳᠠᠯᠠᠨ ᠪᠤᠯᠠᠭ ᠪᠠᠯᠭᠠᠰᠤᠨ ᠳᠤ 24 ᠰᠠᠭᠤᠷᠢ ᠣᠶᠤᠨᠴᠢ ᠲᠥᠷᠥᠯ ᠬᠤᠪᠢᠶᠠᠬᠤ ᠲᠥᠬᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠳᠣᠭᠢᠷᠠᠭᠤᠯᠤᠭᠰᠠᠨ ᠪᠥᠭᠡᠳ ᠤᠭᠰᠠᠷᠠᠨ ᠲᠤᠷᠰᠢᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃
11.jpg
    ᠵᠠᠰᠠᠭ ᠪᠠ ᠠᠷᠠᠳ ᠬᠠᠮᠲᠤᠷᠠᠨ ᠬᠥᠳᠡᠯᠦᠯᠴᠡᠵᠦ ᠬᠠᠮᠲᠤ ᠪᠠᠷ ᠣᠷᠣᠯᠴᠠᠵᠤ᠂ ᠤᠬᠠᠭᠤᠯᠭ᠎ᠠ ᠶᠢᠨ ᠠᠵᠢᠯᠯᠠᠭ᠎ᠠ ᠨᠢ ᠰᠣᠨᠢᠷᠬᠠᠯ ᠶᠡᠬᠡᠲᠡᠶ ᠪᠠᠶᠢᠳᠠᠭ᠃ ᠲᠥᠬᠦᠭᠡᠷᠦᠮᠵᠢ ᠶᠢ ᠡᠬᠢᠯᠡᠵᠦ ᠬᠡᠷᠡᠭᠯᠡᠭᠰᠡᠨ ᠠᠩᠬᠠᠨ ᠤ ᠡᠳᠦᠷ᠂ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠳᠠᠯᠠᠨ ᠪᠤᠯᠠᠭ ᠪᠠᠯᠭᠠᠰᠤᠨ ᠤ ᠵᠠᠰᠠᠭ ᠤᠨ ᠣᠷᠳᠣᠨ ᠲᠠᠢ ᠬᠠᠮᠲᠤᠷᠠᠨ ᠵᠢᠩ ᠹᠦ᠋ ᠭᠡᠷ ᠬᠤᠷᠢᠶᠠᠯᠠᠯ᠂ ᠽᠢ ᠵᠦ ᠭᠡᠷ ᠬᠤᠷᠢᠶᠠᠯᠠᠯ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠡᠯᠪᠡᠷᠢ ᠨᠢ ᠰᠢᠨ᠎ᠡ᠂ ᠠᠭᠤᠯᠭ᠎ᠠ ᠨᠢ ᠪᠠᠶᠠᠯᠢᠭ ᠬᠤᠭ ᠨᠣᠪᠰᠢ ᠶᠢ ᠲᠥᠷᠥᠯ ᠬᠤᠪᠢᠶᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠳ《 ᠨᠢᠭᠡ ᠨᠢᠭᠡᠨ ᠳᠤᠨᠢ 》ᠵᠢᠯᠣᠭᠤᠳᠣᠯᠭ᠎ᠠ᠂《 ᠭᠠᠷ ᠠᠳᠬᠤᠨ 》ᠵᠢᠭᠠᠨ ᠰᠤᠷᠭᠠᠯᠲᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠣᠶᠤᠨᠴᠢ ᠲᠥᠬᠦᠭᠡᠷᠦᠮᠵᠢ ᠶᠢ ᠳᠠᠩᠰᠠᠯᠠᠬᠤ ᠶᠠᠪᠤᠴᠠ ᠪᠠ ᠲᠥᠷᠥᠯ ᠬᠤᠪᠢᠶᠠᠨ ᠪᠠᠭᠤᠯᠭᠠᠬᠤ ᠵᠢᠷᠤᠮᠵᠢᠯ ᠢ ᠨᠠᠷᠢᠨ ᠲᠠᠶᠢᠯᠪᠤᠷᠢᠯᠠᠪᠠ᠃ ᠠᠵᠢᠯᠯᠠᠭ᠎ᠠ ᠨᠢ ᠢᠯᠡᠳᠲᠡ ᠦᠷ᠎ᠡ ᠪᠦᠲᠦᠮᠵᠢ ᠣᠯᠵᠤ᠂ ᠵᠢᠵᠢᠭ  ᠫᠷᠦᠭᠷᠡᠮ ᠢᠶᠠᠷ ᠨᠡᠶᠢᠲᠡ 158 ᠬᠥᠮᠦᠨ ᠳᠠᠩᠰᠠᠯᠠᠭᠤᠯᠬᠤ ᠶᠢ ᠪᠡᠶᠡᠯᠡᠭᠦᠯᠵᠦ᠂ 236 ᠬᠤᠪᠢ ᠤᠬᠠᠭᠤᠯᠭ᠎ᠠ ᠶᠢᠨ ᠭᠠᠷ ᠳᠡᠪᠲᠡᠷ᠂ 298 ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠷ ᠤᠭᠤᠲᠠ ᠲᠠᠷᠬᠠᠭᠠᠵᠤ᠂ 125 ᠬᠠᠭᠤᠳᠠᠰᠤ ᠤᠬᠠᠭᠤᠯᠭ᠎ᠠ ᠶᠢᠨ ᠵᠠᠷᠯᠠᠯ ᠲᠠᠷᠬᠠᠭᠠᠵᠤ᠂ ᠰᠠᠭᠤᠭᠠᠯᠢ ᠠᠷᠠᠳ ᠤᠨ ᠣᠶᠤᠨᠴᠢ ᠲᠥᠷᠥᠯ ᠬᠤᠪᠢᠶᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠣᠯᠪᠠᠰᠤᠷᠠᠩᠭᠤᠶ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃
22.jpg
    ᠰᠠᠭᠤᠭᠠᠯᠢ ᠠᠷᠠᠳ ᠬᠠᠯᠠᠭᠤᠨ ᠰᠡᠳᠬᠢᠯᠭᠡ ᠣᠷᠭᠢᠯᠵᠤ᠂ ᠪᠤᠴᠠᠭᠠᠨ ᠬᠤᠷᠢᠶᠠᠬᠤ ᠲᠥᠬᠦᠭᠡᠷᠦᠮᠵᠢ ᠪᠠᠶᠢᠨ ᠳᠠᠬᠢᠨ《 ᠬᠥᠮᠥᠷᠭᠡ ᠳᠡᠯᠪᠡᠷᠡᠬᠦ 》 ᠲᠠᠢ ᠪᠣᠯᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠤᠶᠤᠨᠲᠤ ᠡᠭᠡᠭᠦᠯᠦᠨ ᠬᠤᠷᠢᠶᠠᠬᠤ ᠬᠠᠶᠢᠷᠴᠠᠭ ᠤᠨ ᠡᠮᠦᠨ᠎ᠡ ᠬᠥᠮᠦᠨ ᠬᠠᠷ᠎ᠠ ᠴᠤᠭᠯᠠᠷᠠᠵᠤ᠂ ᠤᠯᠠᠨ ᠤᠳᠠᠭ᠎ᠠ《 ᠬᠥᠮᠥᠷᠭᠡ ᠳᠡᠯᠪᠡᠷᠡᠬᠦ  》 ᠶᠢᠨ ᠦᠵᠡᠭᠳᠡᠯ ᠢᠯᠡᠷᠡᠵᠦ᠂ ᠰᠠᠭᠤᠭᠠᠯᠢ ᠠᠷᠠᠳ ᠤᠨ ᠬᠤᠭ ᠨᠣᠪᠰᠢ ᠶᠢ ᠲᠦᠷᠦᠯ ᠬᠤᠪᠢᠶᠠᠬᠤ ᠢᠳᠡᠪᠬᠢᠵᠢᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠭᠦᠢᠴᠡᠳ ᠢᠯᠡᠷᠡᠭᠦᠯᠪᠡ᠃ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠶᠤᠨᠴᠢ ᠲᠥᠷᠥᠯ ᠬᠤᠪᠢᠶᠠᠬᠤ ᠰᠢᠰᠲ᠋ᠧᠮ ᠢ ᠲᠦᠭᠡᠮᠡᠯᠵᠢᠭᠦᠯᠦᠨ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠲᠥᠬᠦᠭᠡᠷᠦᠮᠵᠢ ᠶᠢᠨ ᠬᠡᠷᠡᠭᠯᠡᠯᠲᠡ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠬᠡᠮᠵᠢᠬᠦ ᠶᠢᠨ ᠬᠠᠮᠲᠤ ᠬᠤᠪᠢᠶᠠᠨ ᠢᠯᠭᠠᠬᠤ ᠲᠥᠪ ᠤᠨ ᠴᠡᠪᠡᠷᠯᠡᠨ ᠲᠡᠭᠡᠭᠡᠪᠦᠷᠢᠯᠡᠬᠦ ᠲᠥᠰᠦᠯ ᠢ ᠰᠢᠯᠢᠳᠡᠭᠵᠢᠭᠦᠯᠬᠦ ᠶᠢ ᠬᠢᠨᠠᠨ ᠵᠢᠯᠣᠭᠤᠳᠴᠤ᠂ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠵᠤ᠂ ᠭᠡᠷ ᠬᠤᠷᠢᠶᠠᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃    ᠦᠢᠯᠡᠴᠢᠯᠡᠭᠡ ᠶᠢ ᠰᠢᠯᠢᠳᠡᠭᠵᠢᠭᠦᠯᠦᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠬᠢᠷᠲᠤᠯ ᠦᠭᠡᠢ ᠰᠢᠨ᠎ᠡ ᠭᠡᠷ ᠬᠤᠷᠢᠶᠠᠯᠠᠯ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠣᠶᠤᠨᠴᠢ ᠲᠥᠬᠦᠭᠡᠷᠦᠮᠵᠢ ᠶᠢ ᠳᠡᠯᠭᠡᠷᠡᠭᠦᠯᠦᠭᠰᠡᠨ ᠨᠢ ᠰᠠᠭᠤᠭᠠᠯᠢ ᠠᠷᠠᠳ ᠤᠨ ᠣᠷᠴᠢᠨ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠷᠭᠦᠯᠵᠢᠯᠡᠬᠦ ᠬᠥᠭᠵᠢᠯᠲᠡ ᠶᠢᠨ ᠭᠡᠷ ᠬᠤᠷᠢᠶᠠᠯᠠᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠤᠨ ᠣᠷᠳᠣᠨ ᠪᠠ ᠠᠷᠠᠳ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠶᠤᠨᠴᠢ ᠬᠤᠭ ᠨᠣᠪᠰᠢ ᠶᠢ ᠲᠥᠷᠥᠯ ᠬᠤᠪᠢᠶᠠᠬᠤ ᠶᠢ ᠠᠮᠢᠳᠤᠷᠠᠯ ᠤᠨ ᠰᠢᠨ᠎ᠡ ᠤᠷᠤᠰᠬᠠᠯ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠠᠮᠢᠳᠤᠷᠠᠯ ᠤᠨ ᠰᠠᠶᠢᠨ ᠰᠠᠶᠢᠬᠠᠨ ᠬᠠᠭᠤᠳᠠᠰᠤ ᠶᠢ ᠭᠠᠷ ᠬᠤᠯᠪᠣᠨ ᠵᠢᠷᠤᠭᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号