ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠠᠳᠡᠯ ᠢ ᠠᠷᠭᠠᠴᠠᠬᠤ ᠴᠢᠳᠠᠪᠤᠷᠢ ᠶᠢ | ᠴᠢᠩᠭᠠᠷᠠᠭᠤᠯᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ ᠹᠦ᠋ ᠰᠢᠩ ᠭᠡᠷ ᠬᠤᠷᠢᠶᠠᠯᠠᠯ ᠨᠢ 2025 ᠣᠨ ᠤ | ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ᠃《 ᠣᠨᠣᠯ + ᠪᠣᠳᠠᠲᠤ | ᠠᠵᠢᠯᠯᠠᠭ᠎ᠠ 》 ᠶᠢᠨ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠪᠠ ᠠᠳᠠᠯ ᠠᠬᠤᠢ ᠶᠢᠨ ᠬᠥᠮᠦᠰ ᠲᠤ ᠨᠢᠭᠡ | ᠤᠳᠠᠭᠠᠨ ᠤ ᠠᠮᠢᠳᠤᠯᠢᠭ ᠪᠥᠭᠡᠳ ᠪᠣᠳᠠᠲᠤ ᠬᠡᠷᠡᠭᠯᠡᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠪᠣᠯᠪᠠᠰᠤᠷᠠᠭᠤᠯᠤᠯ ᠢ ᠠᠪᠴᠢᠷᠠᠪᠠ᠃ | | | | ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢᠨ ᠭᠤᠭᠴᠤᠭ᠎ᠠ ᠳᠤ᠂ ᠬᠡᠷᠡᠭ ᠤᠨ | ᠵᠢᠱᠢᠶ᠎ᠡ ᠪᠠᠷ ᠵᠢᠭᠠᠨ ᠰᠤᠷᠭᠠᠬᠤ ᠨᠢ ᠬᠥᠮᠦᠰ ᠤᠨ ᠰᠡᠳᠬᠢᠯ ᠳᠤ ᠬᠠᠳᠠᠩᠰᠢᠵᠤ᠂ ᠣᠶᠢᠷ᠎ᠠ ᠶᠢᠨ ᠬᠤᠭᠤᠴᠠᠭᠠᠨ ᠤ | ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠰᠠᠷ ᠤᠨ ᠵᠠᠮ ᠡᠯᠳᠡᠪ ᠪᠣᠳᠠᠰ | ᠪᠥᠭᠯᠡᠷᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠵᠡᠷᠭᠡ | ᠪᠠᠶᠢᠩᠭᠤ ᠲᠣᠬᠢᠶᠠᠯᠳᠤᠳᠠᠭ ᠳᠠᠯᠳᠠ ᠭᠡᠮ ᠤᠨ ᠬᠥᠨᠥᠭᠡᠯᠲᠦ ᠴᠢᠨᠠᠷ ᠢ ᠭᠤᠤᠯᠳᠠᠯᠭ᠎ᠠ ᠲᠠᠢ ᠵᠠᠳᠠᠯᠤᠨ ᠰᠢᠨᠵᠢᠯᠡᠵᠦ᠂ | ᠠᠮᠤᠷ ᠲᠦᠪᠰᠢᠨ ᠤ ᠮᠡᠳᠡᠯᠭᠡ ᠶᠢ ᠲᠠᠷᠢᠬᠢᠨ ᠳᠤ ᠬᠠᠳᠠᠩᠰᠢᠭᠤᠯᠪᠠ᠃ ᠪᠠᠭᠠᠵᠢ ᠬᠡᠷᠡᠭᠰᠡᠯ ᠤᠨ ᠪᠣᠳᠠᠲᠤ ᠠᠵᠢᠯᠯᠠᠭ᠎ᠠ | ᠨᠢ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠭᠠᠯ ᠤᠨᠲᠠᠷᠠᠭᠠᠭᠤᠷ ᠤᠨ ᠲᠥᠷᠥᠯ ᠠᠩᠭᠢᠯᠠᠯ ᠵᠢᠴᠢ ᠬᠡᠷᠡᠭᠯᠡᠬᠦ | ᠠᠷᠭ᠎ᠠ ᠶᠢ ᠲᠤᠬᠠᠶ ᠶᠢᠨ ᠲᠠᠯᠠᠪᠠᠶ ᠳᠤ ᠦᠵᠡᠭᠦᠯᠵᠦ᠂ ᠣᠷᠣᠯᠴᠠᠭᠴᠢ ᠨᠢᠭᠡᠪᠦᠷᠢ ᠶᠢᠨ ᠪᠣᠳᠠᠲᠠᠶ ᠬᠢᠬᠦ ᠴᠢᠳᠠᠪᠤᠷᠢ ᠶᠢ | ᠡᠵᠡᠮᠰᠢᠬᠦ ᠶᠢ ᠦᠨᠡᠨᠬᠦ ᠪᠠᠲᠤᠯᠠᠪᠠ᠃ | | | | ᠲᠣᠰ ᠤᠳᠠᠭᠠᠨ ᠤ ᠠᠵᠢᠯᠯᠠᠭ᠎ᠠ ᠨᠢ ᠢᠯᠡᠳᠲᠡ ᠦᠷ᠎ᠡ ᠪᠦᠲᠦᠮᠵᠢ ᠤᠯᠪᠠ : ᠨᠢᠭᠡ ᠳᠤ᠂ ᠣᠷᠣᠯᠴᠠᠬᠤ | ᠬᠠᠯᠠᠭᠤᠨ ᠰᠡᠳᠬᠢᠯᠭᠡ ᠪᠢᠯᠬᠠᠵᠤ᠂ ᠠᠵᠢᠯᠯᠠᠭ᠎ᠠ ᠨᠢ ᠠᠳᠠᠯ ᠠᠬᠤᠶ ᠶᠢᠨ ᠬᠥᠮᠦᠰ ᠵᠢᠴᠢ ᠰᠠᠭᠤᠭᠠᠯᠢ ᠠᠷᠠᠳ ᠢ | ᠲᠠᠲᠠᠵᠤ ᠬᠠᠮᠲᠤ ᠪᠠᠷ ᠣᠷᠣᠯᠴᠠᠭᠤᠯᠤᠨ᠂ ᠲᠤᠬᠠᠶ ᠶᠢᠨ ᠲᠠᠯᠠᠪᠠᠶ ᠶᠢᠨ ᠬᠠᠷᠢᠯᠴᠠᠨ ᠬᠥᠳᠡᠯᠦᠯᠴᠡᠵᠦ ᠠᠰᠠᠭᠤᠯᠲᠠ | ᠬᠠᠷᠢᠭᠤᠯᠲᠠ ᠶᠢᠨ ᠭᠤᠭᠴᠣᠭᠠᠨ ᠳᠠᠬᠢ ᠠᠭᠤᠷ ᠠᠮᠢᠰᠬᠤᠯ ᠨᠢ ᠬᠥᠭᠵᠢᠶᠡᠨᠲᠡᠶ ᠪᠠᠶᠢᠵᠤ᠂ ᠵᠥᠪ ᠣᠨᠣᠪᠴᠢᠲᠠᠶ ᠪᠠᠶᠢᠬᠤ | ᠨᠣᠷᠮ᠎ᠠ ᠨᠢ ᠨᠡᠯᠢᠶᠡᠳ ᠥᠨᠳᠥᠷ ᠪᠠᠶᠢᠵᠤ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠨᠢ ᠢᠯᠡᠳᠲᠡ ᠪᠠᠶᠢᠨ᠎ᠠ᠃ | ᠬᠤᠶᠠᠷ ᠲᠤ᠂ ᠤᠷ᠎ᠠ ᠴᠢᠳᠠᠪᠤᠷᠢ ᠶᠢ ᠯᠠᠪᠳᠠᠭᠤᠨ ᠡᠵᠡᠮᠰᠢᠵᠦ᠂ ᠪᠣᠳᠠᠲᠠᠢ ᠪᠣᠯᠪᠠᠰᠤᠷᠠᠯ ᠢᠶᠠᠷ ᠳᠠᠮᠵᠢᠨ᠂ ᠣᠷᠣᠯᠴᠠᠭᠴᠢ | ᠨᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠨᠢ | ᠮᠥᠨ ᠴᠢᠨᠠᠷ ᠤᠨ ᠳᠡᠭᠡᠭᠰᠢᠯᠡᠯᠲᠡ ᠲᠠᠢ ᠪᠣᠯᠪᠠ᠃ ᠭᠤᠷᠪᠠ ᠳᠤ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ | ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠠᠳᠠᠯ ᠠᠬᠤᠶ ᠶᠢᠨ ᠠᠵᠢᠯᠲᠠᠨ ᠳᠤ | ᠴᠢᠭᠯᠡᠭᠦᠯᠦᠨ᠂ ᠯᠧᠺᠲ᠋ᠣᠷ ᠪᠠᠰᠠ ᠲᠥᠪ ᠤᠨ ᠡᠵᠡᠮᠰᠢᠯ ᠤᠨ ᠲᠥᠬᠦᠭᠡᠷᠦᠮᠵᠢ ᠶᠢᠨ ᠠᠵᠢᠯᠯᠠᠭᠠᠨ ᠤ ᠣᠭ ᠶᠣᠰᠣ᠂ | ᠭᠠᠯ ᠤᠨᠲᠠᠷᠠᠭᠠᠭᠤᠷ ᠢ ᠪᠠᠶᠢᠴᠠᠭᠠᠬᠤ ᠵᠢᠷᠤᠮᠵᠢᠯ ᠵᠡᠷᠭᠡ ᠲᠤᠰᠬᠠᠶ ᠮᠡᠷᠭᠡᠵᠢᠯ ᠤᠨ ᠮᠡᠳᠡᠯᠭᠡ ᠶᠢ ᠲᠤᠰᠬᠠᠶᠢᠯᠠᠨ | ᠲᠠᠶᠢᠯᠪᠤᠷᠢᠯᠠᠨ ᠥᠭᠴᠦ᠂ ᠠᠳᠠᠯ ᠠᠬᠤᠶ ᠶᠢᠨ ᠪᠦᠯᠬᠦᠮ ᠤᠨ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠭᠡᠷ ᠬᠤᠷᠢᠶᠠᠯᠠᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠠᠵᠢᠯ ᠳᠤ ᠬᠦᠴᠦᠲᠡᠶ ᠪᠠᠲᠤᠯᠠᠭ᠎ᠠ ᠬᠠᠩᠭᠠᠪᠠ᠃ | ᠲᠠᠷᠠᠭᠠᠴᠢ ᠪᠠᠷ᠂ ᠹᠦ᠋ ᠰᠢᠩ ᠤᠨ ᠭᠡᠷ ᠬᠤᠷᠢᠶᠠᠯᠠᠯ ᠨᠢ《 ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ 》ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ | ᠪᠠᠶᠢᠩᠭᠤᠵᠢᠭᠤᠯᠤᠭᠰᠠᠨ ᠤᠬᠠᠭᠤᠯᠭ᠎ᠠ ᠬᠥᠮᠦᠵᠢᠯ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ | ᠭᠡᠷ ᠬᠤᠷᠢᠶᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠰᠠᠭᠤᠭᠠᠯᠢ | ᠠᠷᠠᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ | | | | | |