ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠢᠳᠡᠪᠬᠢᠲᠡᠶ ᠪᠠᠷ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠢᠨ ᠨᠡᠮᠡᠭᠳᠡᠯ ᠢ ᠠᠭᠤᠳᠠᠯᠠᠨ᠎ᠠ
ᠨᠡᠶᠢᠲᠡᠯᠡᠭᠰᠡᠨ ᠴᠠᠭ᠄
2025/4/14
    ᠨᠢᠭᠡᠳᠦᠭᠡᠷ ᠤᠯᠠᠷᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠪᠥᠬᠦ ᠲᠣᠭᠠᠨ ᠤ《 ᠰᠠᠶᠢᠨ ᠡᠬᠢᠯᠡᠯᠲᠡ 》 ᠶᠢ ᠪᠡᠶᠡᠯᠡᠭᠦᠯᠬᠦ ᠶᠢᠨ ᠲᠥᠯᠥᠭᠡ᠂ 4 ᠰᠠᠷ᠎ᠠ ᠶᠢᠨ 1  ᠤ ᠡᠳᠦᠷ ᠠᠴᠠ 7  ᠤ ᠡᠳᠦᠷ ᠪᠣᠯᠲᠠᠯ᠎ᠠ ᠮᠠᠨ ᠤ ᠲᠣᠪᠴᠢᠶ᠎ᠠ ᠪᠤᠭᠤᠲᠤ ᠶᠢᠨ ᠨᠢᠩ ᠯᠦ ᠴᠢᠯᠠᠭᠤᠨ ᠲᠣᠰᠣᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠫᠢᠨ ᠬᠤᠶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠵᠧᠩ ᠰᠢᠨ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠭᠤᠤᠯᠳᠠᠯᠭ᠎ᠠ ᠲᠠᠢ ᠬᠡᠮᠵᠢᠶ᠎ᠡ ᠶᠢ ᠬᠢᠵᠠᠭᠠᠷᠯᠠᠬᠤ ᠠᠵᠤ ᠠᠬᠤᠶᠢᠯᠠᠯ ᠢᠶᠠᠷ ᠢᠳᠡᠪᠬᠢᠲᠠᠢ ᠲᠣᠭᠤᠷᠢᠨ ᠦᠵᠡᠵᠦ᠂ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠰᠢᠨ᠎ᠡ ᠪᠠᠷ ᠨᠡᠮᠡᠭᠳᠡᠭᠰᠡᠨ ᠬᠡᠮᠵᠢᠶ᠎ᠡ 7000 ᠲᠦᠮᠡ ᠬᠦᠷᠪᠡ᠃    ᠰᠦᠯᠵᠢᠶ᠎ᠡ ᠪᠠᠨ ᠬᠠᠭᠠᠬᠤ ᠪᠣᠯᠲᠠᠯ᠎ᠠ᠂ ᠮᠠᠨ ᠤ ᠲᠤᠭᠤᠷᠢᠭ 3 ᠰᠠᠷ᠎ᠠ ᠳᠤ 3.94 ᠳ᠋ᠦᠩᠰᠢᠭᠤᠷ ᠲᠥᠭᠦᠷᠢᠭ ᠤᠨ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠪᠦᠬᠦᠳᠡ ᠲᠤᠭ᠎ᠠ ᠪᠠᠨ ᠭᠦᠢᠴᠡᠳᠬᠡᠵᠦ᠂ ᠠᠳᠠᠯᠢ ᠬᠤᠭᠤᠴᠠᠭᠠᠨ ᠤ ᠬᠢ ᠠᠴᠠ 12.74% ᠪᠠᠷ ᠨᠡᠮᠡᠭᠳᠡᠪᠡ︔ 1-3 ᠰᠠᠷ᠎ᠠ ᠳᠤ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 9.65 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃    ᠲᠠᠷᠠᠭᠠᠴᠢ ᠪᠠᠷ᠂ ᠮᠠᠨ ᠤ ᠲᠣᠪᠴᠢᠶ᠎ᠠ《 ᠬᠤᠶᠠᠷ ᠰᠢᠨ᠎ᠡ 》ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠦᠢᠯᠡᠴᠢᠯᠡᠭᠡ ᠪᠠ ᠲᠤᠬᠠᠶᠢᠯᠠᠭᠰᠠᠨ ᠠᠵᠢᠯ ᠤᠨ ᠤᠬᠠᠭᠤᠯᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠳᠠᠯᠳᠠ ᠬᠦᠴᠦᠨ ᠢᠶᠠᠨ ᠰᠠᠶᠢᠨ᠂ ᠬᠡᠪᠴᠢᠶ᠎ᠡ ᠪᠠᠷ ᠨᠡᠯᠢᠶᠡᠳ ᠶᠡᠭᠡ ᠠᠷᠠᠯᠵᠢᠶᠠᠨ ᠤ ᠠᠵᠤ ᠠᠬᠤᠶᠢᠯᠠᠯ ᠢ ᠤᠯᠠᠮ ᠨᠢᠭᠡ ᠠᠯᠬᠤᠮ ᠠᠭᠤᠳᠠᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠨᠢᠭᠡᠳᠦᠯᠲᠡᠶ ᠪᠦᠷᠢᠳᠭᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠲᠤᠭᠤᠷᠢᠭ ᠤᠨ ᠬᠡᠮᠵᠢᠶ᠎ᠡ ᠶᠢ ᠬᠢᠵᠠᠭᠠᠷᠯᠠᠬᠤ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号