ᠠᠵᠤ ᠠᠬᠤᠶᠢᠯᠡᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠵᠦ᠂ ᠠᠵᠤ ᠠᠬᠤᠶᠢᠯᠡᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠳᠠᠷᠠᠭᠠᠬᠢ ᠡᠳ᠋ ᠤᠨ ᠵᠠᠰᠠᠭ ᠤᠨ ᠨᠥᠬᠦᠪᠥᠷᠢ ᠮᠡᠳᠡᠭᠦᠯᠬᠦ ᠠᠵᠢᠯ ᠢ ᠢᠳᠡᠪᠬᠢᠲᠡᠶ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠠᠵᠤ ᠠᠬᠤᠶᠢᠯᠡᠯ ᠤᠨ ᠰᠢᠨ᠎ᠡ ᠶᠢ ᠡᠭᠦᠳᠬᠦ ᠥᠪᠡᠷ ᠤᠨ ᠥᠷᠲᠡᠭ ᠢ ᠪᠠᠭᠤᠷᠠᠭᠤᠯᠤᠨ᠂ | ᠰᠢᠨ᠎ᠡ ᠶᠢ ᠡᠭᠦᠳᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ《 ᠨᠢᠭᠡ ᠠᠵᠤ ᠠᠬᠤᠶᠢᠯᠡᠯ ᠢ ᠴᠤ ᠣᠷᠬᠢᠭᠳᠠᠭᠤᠯᠬᠤ ᠥᠬᠡᠶ 》ᠤᠬᠠᠭᠤᠯᠭ᠎ᠠ ᠶᠢᠨ ᠵᠠᠷᠴᠢᠮ ᠢ | ᠬᠡᠷᠡᠭᠵᠢᠭᠦᠯᠦᠨ᠎ᠡ᠃ ᠠᠵᠤ ᠠᠬᠤᠶᠢᠯᠡᠯ ᠪᠤᠶᠢᠵᠢᠭᠤᠯᠬᠤ ᠬᠥᠮᠥᠷᠭᠡ ᠶᠢ ᠠᠰᠢᠭᠯᠠᠨ ᠭᠤᠶᠤᠴᠢᠯᠠᠨ ᠮᠡᠳᠡᠭᠦᠯᠬᠦ ᠮᠡᠳᠡᠭᠳᠡᠯ | ᠵᠢᠴᠢ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠭᠤᠶᠤᠴᠢᠯᠠᠨ | ᠮᠡᠳᠡᠭᠦᠯᠬᠦ ᠨᠥᠬᠦᠴᠡᠯ᠂ ᠴᠤᠪᠤᠷᠠᠯ ᠪᠠ ᠴᠠᠭ ᠬᠤᠭᠤᠴᠠᠭ᠎ᠠ ᠶᠢᠨ ᠵᠠᠩᠭᠢᠶᠠᠰᠤ ᠶᠢ ᠲᠣᠳᠣᠷᠬᠠᠶᠢᠯᠠᠬᠤ ᠶᠢᠨ ᠬᠠᠮᠲᠤ᠂ | ᠠᠵᠢᠯᠲᠠᠳ ᠭᠤᠤᠯᠳᠠᠯᠭ᠎ᠠ ᠲᠠᠢ ᠠᠵᠤ ᠠᠬᠤᠶᠢᠯᠡᠯ ᠯᠤᠭ᠎ᠠ ᠨᠢᠭᠡ ᠨᠢᠭᠡ ᠪᠠᠷ ᠬᠠᠷᠢᠯᠴᠠᠬᠤ ᠶᠢ ᠥᠷᠨᠢᠭᠦᠯᠵᠦ᠂ | ᠨᠥᠬᠦᠴᠡᠯ ᠳᠤ ᠨᠡᠶᠢᠴᠡᠬᠦ ᠠᠵᠤ ᠠᠬᠤᠶᠢᠯᠡᠯ ᠤᠨ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢ ᠭᠦᠢᠴᠡᠳ | ᠣᠶᠢᠯᠠᠭᠠᠬᠤ ᠶᠢ ᠦᠨᠡᠨᠬᠦ ᠪᠠᠲᠤᠯᠠᠨ᠎ᠠ᠃ ᠣᠳᠣᠬᠠᠨ ᠳᠤ ᠰᠤᠳᠤᠯᠤᠨ ᠨᠡᠭᠡᠭᠡᠵᠦ ᠴᠤᠭᠯᠠᠷᠠᠭᠰᠠᠨ 31 ᠠᠵᠤ | ᠠᠬᠤᠶᠢᠯᠡᠯ ᠪᠦᠬᠦᠨ ᠢᠶᠠᠷ ᠢᠶᠠᠨ ᠮᠡᠳᠡᠭᠳᠡᠵᠡᠶ᠃ ᠡᠭᠦᠨ ᠠᠴᠠ ᠭᠠᠳᠠᠨ᠎ᠠ᠂ ᠲᠤᠭᠤᠷᠢᠭ ᠤᠨ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠭᠤᠶᠤᠴᠢᠯᠠᠨ ᠮᠡᠳᠡᠭᠦᠯᠬᠦ | ᠱᠠᠭᠠᠷᠳᠠᠯᠭ᠎ᠠ ᠶᠢ ᠴᠢᠩᠭ᠎ᠠ ᠦᠨᠳᠦᠰᠦᠯᠡᠨ᠂ ᠨᠢᠭᠡᠨᠲᠡ ᠮᠠᠲ᠋ᠧᠷᠢᠶᠠᠯ ᠲᠤᠰᠢᠶᠠᠭᠰᠠᠨ 4 ᠠᠵᠤ ᠠᠬᠤᠶᠢᠯᠡᠯ ᠢ ᠴᠢᠩᠭ᠎ᠠ | ᠬᠠᠮᠢᠶᠠᠷᠴᠤ᠂ ᠠᠵᠤ ᠠᠬᠤᠶᠢᠯᠡᠯ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠ | ᠵᠦᠶ ᠶᠣᠰᠣᠴᠢ ᠴᠢᠨᠠᠷ ᠢ ᠭᠤᠤᠯᠳᠠᠯᠭ᠎ᠠ ᠲᠠᠢ ᠬᠢᠨᠠᠨ ᠬᠠᠷᠭᠤᠭᠤᠯᠤᠨ᠎ᠠ᠃ ᠮᠠᠲ᠋ᠧᠷᠢᠶᠠᠯ ᠨᠢ ᠪᠦᠷᠢᠨ ᠪᠤᠰᠤ ᠪᠤᠶᠤ | ᠱᠠᠭᠠᠷᠳᠠᠯᠭ᠎ᠠ ᠳᠤ ᠨᠡᠶᠢᠴᠡᠬᠦ ᠦᠭᠡᠶ ᠠᠵᠤ ᠠᠬᠤᠶᠢᠯᠡᠯ ᠳᠤ ᠴᠢᠭᠯᠡᠭᠦᠯᠦᠨ᠂ ᠴᠠᠭ ᠲᠤᠬᠠᠶ ᠳᠤᠨᠢ ᠬᠠᠷᠢᠭᠤ | ᠲᠤᠰᠬᠠᠬᠤ ᠶᠢᠨ ᠬᠠᠮᠲᠤ ᠲᠡᠭᠦᠨ ᠢ ᠵᠢᠯᠣᠭᠤᠳᠤᠨ ᠳᠡᠭᠦᠯᠳᠡᠷᠵᠢᠭᠦᠯᠦᠨ᠎ᠡ᠃ | ᠲᠠᠷᠠᠭᠠᠴᠢ ᠪᠠᠷ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ᠠᠵᠤ ᠠᠬᠤᠶᠢᠯᠡᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠵᠢᠯᠣᠭᠤᠳᠣᠯᠭ᠎ᠠ ᠪᠠ | ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠡᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠶᠢ ᠡᠮᠬᠢᠳᠬᠡᠨ ᠨᠡᠶᠢᠯᠡᠭᠦᠯᠬᠦ ᠠᠵᠢᠯ ᠢ ᠰᠠᠶᠢᠲᠤᠷ ᠬᠢᠵᠦ᠂ ᠰᠤᠳᠤᠯᠤᠨ | ᠨᠡᠭᠡᠭᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠶᠢ ᠵᠣᠷᠢᠭᠵᠢᠭᠤᠯᠤᠨ᠎ᠠ᠃ |