ᠤᠯᠤᠰ ᠤᠨ ᠠᠮᠤᠷ ᠲᠦᠪᠰᠢᠨ ᠪᠣᠯ ᠤᠯᠤᠰ ᠤᠨ ᠬᠥᠭᠵᠢᠯᠲᠡ ᠶᠢᠨ ᠴᠢᠬᠤᠯᠠ ᠰᠠᠭᠤᠷᠢ ᠮᠥᠨ᠂ ᠭᠡᠷ | ᠬᠤᠷᠢᠶᠠᠯᠠᠯ ᠤᠨ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ | ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 11 ᠤ | ᠡᠳᠦᠷ ᠯᠦ ᠶᠤᠸᠠᠨ ᠭᠡᠷ ᠬᠤᠷᠢᠶᠠᠯᠠᠯ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ | ᠢᠳᠡᠪᠬᠢᠲᠡᠢ ᠥᠷᠨᠢᠭᠦᠯᠪᠡ᠃ | | | | ᠠᠵᠢᠯᠯᠠᠭ᠎ᠠ ᠶᠢᠨ ᠲᠤᠬᠠᠶ ᠶᠢᠨ ᠡᠳᠦᠷ᠂ ᠭᠡᠷ ᠬᠤᠷᠢᠶᠠᠯᠠᠯ ᠤᠨ ᠲᠥᠪ ᠠᠭᠤᠳᠠᠮ ᠲᠠᠯᠠᠪᠠᠶ ᠳᠤ ᠤᠯᠤᠰ ᠤᠨ | ᠠᠮᠤᠷ ᠲᠦᠪᠰᠢᠨ ᠤ ᠤᠬᠠᠭᠤᠯᠭ᠎ᠠ ᠶᠢᠨ ᠴᠡᠭ ᠭᠠᠷᠭᠠᠪᠠ᠃ ᠠᠵᠢᠯᠲᠠᠳ ᠪᠠ ᠰᠠᠶᠢᠨ ᠲᠤᠷᠠᠴᠤᠳ ᠤᠬᠠᠭᠤᠯᠭ᠎ᠠ ᠶᠢᠨ | ᠴᠡᠭ ᠲᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠶᠢ ᠲᠠᠯᠪᠢᠵᠤ᠂ | ᠦᠵᠡᠭᠦᠯᠦᠯᠭᠡ ᠶᠢᠨ ᠰᠠᠮᠪᠠᠷ᠎ᠠ ᠶᠢᠨ ᠠᠭᠤᠯᠭ᠎ᠠ ᠨᠢ ᠤᠯᠤᠰ ᠤᠨ ᠠᠮᠤᠷ ᠲᠦᠪᠰᠢᠨ ᠤ ᠡᠯ᠎ᠡ ᠲᠠᠯ᠎ᠠ ᠶᠢ ᠪᠠᠭᠲᠠᠭᠠᠨ᠎ᠠ᠂ | ᠤᠯᠤᠰ ᠲᠥᠷᠥ ᠶᠢᠨ ᠠᠮᠤᠷ ᠲᠦᠪᠰᠢᠨ᠂ ᠤᠯᠤᠰ ᠤᠨ ᠭᠠᠵᠠᠷ ᠰᠢᠷᠤᠢ ᠶᠢᠨ ᠠᠮᠤᠷ ᠲᠦᠪᠰᠢᠨ᠂ ᠠᠵᠤ ᠠᠬᠤᠶ ᠶᠢᠨ | ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠵᠡᠷᠭᠡ ᠡᠯ᠎ᠡ ᠲᠠᠯ᠎ᠠ ᠶᠢ ᠬᠠᠮᠤᠷᠴᠠᠶ᠃ ᠦᠵᠡᠭᠦᠯᠦᠯᠭᠡ ᠶᠢᠨ | ᠰᠠᠮᠪᠠᠷ᠎ᠠ ᠨᠢ ᠠᠮᠢᠳᠤ ᠳᠦᠷᠰᠦᠯᠢᠭ ᠭᠡᠷᠡᠯ ᠵᠢᠷᠤᠭ ᠪᠣᠯᠤᠨ ᠳᠥᠭᠦᠮ ᠠᠪᠰᠠᠷᠬᠠᠨ ᠦᠰᠦᠭ ᠢᠶᠠᠷ ᠰᠠᠭᠤᠭᠠᠯᠢ | ᠠᠷᠠᠳ ᠲᠤ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠵᠢᠴᠢ ᠲᠤᠯᠭᠠᠷᠠᠵᠤ ᠮᠡᠳᠡᠬᠦ ᠰᠦᠷᠳᠡᠭᠦᠯᠦᠯ ᠢ | ᠰᠢᠭᠤᠳ ᠳᠡᠯᠭᠡᠨ ᠦᠵᠡᠭᠦᠯᠵᠡᠶ᠃ ᠡᠭᠦᠨ ᠤ ᠬᠠᠮᠲᠤ᠂ ᠤᠬᠠᠭᠤᠯᠬᠤ ᠴᠡᠭ ᠲᠤ ᠪᠠᠰᠠ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠢ 100 ᠭᠠᠷᠤᠢ ᠬᠤᠪᠢ ᠲᠠᠷᠬᠠᠭᠠᠵᠤ᠂ ᠤᠬᠠᠭᠤᠯᠭ᠎ᠠ ᠶᠢᠨ ᠭᠠᠷ | ᠳᠡᠪᠲᠡᠷ ᠲᠤ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠷᠢᠨ ᠲᠠᠶᠢᠯᠪᠤᠷᠢᠯᠠᠭᠰᠠᠨ ᠪᠥᠭᠡᠳ ᠪᠣᠳᠠᠲᠠᠢ ᠬᠡᠷᠡᠭ ᠤᠨ ᠵᠢᠱᠢᠶ᠎ᠡ ᠪᠠᠷ ᠵᠠᠳᠠᠯᠤᠯᠲᠠ ᠬᠢᠬᠦ ᠪᠠᠷ ᠳᠠᠮᠵᠢᠭᠤᠯᠤᠨ᠂ | ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠪᠣᠯᠤᠨ ᠲᠤᠰ ᠪᠡᠶ᠎ᠡ ᠶᠢᠨ ᠠᠰᠢᠭ ᠲᠤᠰᠠ ᠶᠢᠨ ᠨᠢᠭᠲᠠ | ᠬᠤᠯᠪᠣᠭ᠎ᠠ ᠶᠢ ᠨᠡᠩ ᠭᠦᠨᠵᠡᠭᠡᠢ ᠤᠢᠢᠯᠠᠭᠠᠭᠤᠯᠪᠠ᠃ ᠠᠵᠢᠯᠲᠠᠳ ᠪᠠ ᠰᠠᠶᠢᠨ ᠳᠤᠷᠠᠴᠤᠳ ᠪᠠᠰᠠ ᠰᠠᠭᠤᠭᠠᠯᠢ | ᠠᠷᠠᠳ ᠲᠤ ᠤᠯᠤᠰ ᠤᠨ ᠠᠮᠤᠷ ᠲᠦᠪᠰᠢᠨ ᠤ ᠲᠤᠬᠠᠶ ᠡᠷᠡᠭᠡᠯᠵᠡᠭᠡ ᠶᠢ ᠬᠦᠯᠢᠴᠡᠩᠭᠦᠶ ᠪᠠᠷ ᠲᠠᠶᠢᠯᠪᠤᠷᠢᠯᠠᠵᠤ᠂ | ᠲᠡᠳᠡᠨ ᠢ ᠬᠠᠪᠰᠤᠷᠤᠨ ᠤᠯᠤᠰ ᠤᠨ ᠠᠮᠤᠷ ᠲᠦᠪᠰᠢᠨ ᠤ ᠠᠭᠤᠯᠤᠭᠳᠠᠬᠤᠨ ᠢ ᠨᠠᠩ ᠰᠠᠶᠢᠲᠤᠷ ᠲᠠᠨᠢᠭᠤᠯᠪᠠ᠃ | | | | ᠲᠣᠰ ᠤᠳᠠᠭᠠᠨ ᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠭᠡᠷ | ᠬᠤᠷᠢᠶᠠᠯᠠᠯ ᠤᠨ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭᠠᠲᠤ ᠰᠡᠳᠬᠢᠯᠭᠡ ᠶᠢ | ᠴᠢᠩᠭᠠᠷᠠᠭᠤᠯᠪᠠ᠃ ᠪᠦᠷᠢᠳᠬᠡᠯ ᠢ ᠦᠨᠳᠦᠰᠦᠯᠡᠪᠡᠯ᠂ ᠠᠵᠢᠯᠯᠠᠭ᠎ᠠ ᠳᠤ ᠨᠡᠶᠢᠲᠡ 70 ᠭᠠᠷᠤᠶ ᠬᠤᠪᠢ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 20 ᠰᠠᠭᠤᠭᠠᠯᠢ ᠠᠷᠠᠳ ᠤᠨ ᠠᠰᠠᠭᠤᠨ ᠯᠠᠪᠯᠠᠬᠤ ᠶᠢ ᠭᠥᠯᠢᠶᠡᠨ | ᠠᠪᠴᠠᠶ᠃ ᠴᠥᠭᠡᠨ ᠪᠤᠰᠤ ᠰᠠᠭᠤᠭᠠᠯᠢ ᠠᠷᠠᠳ᠂ ᠥᠩᠭᠡᠷᠡᠭᠰᠡᠨ ᠳᠤ ᠤᠯᠤᠰ ᠤᠨ ᠠᠮᠤᠷ ᠲᠦᠪᠰᠢᠨ ᠤ ᠲᠤᠬᠠᠶ | ᠳᠡᠮᠡᠶ ᠣᠶᠢᠯᠠᠭᠠᠯᠲᠠ ᠥᠬᠡᠶ᠂ ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ ᠰᠠᠶ᠋ᠢ ᠤᠯᠤᠰ ᠤᠨ ᠠᠮᠤᠷ ᠲᠦᠪᠰᠢᠨ | ᠳᠡᠷᠭᠡᠳᠡ ᠨᠢ ᠪᠠᠶᠢᠬᠤ ᠶᠢ ᠮᠡᠳᠡᠵᠦ᠂ ᠬᠥᠮᠦᠨ ᠨᠢᠭᠡᠪᠦᠷᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ | ᠭᠡᠵᠦ ᠢᠯᠡᠷᠬᠡᠶᠢᠯᠡᠵᠡᠶ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠭᠡᠷ ᠬᠤᠷᠢᠶᠠᠯᠠᠯ ᠳᠤ ᠭᠦᠨ | ᠵᠤᠵᠠᠭᠠᠨ ᠤᠯᠤᠰ ᠤᠨ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠴᠡᠶ᠃ | ᠬᠤᠶᠢᠰᠢᠳᠠ ᠶᠢᠨ ᠠᠵᠢᠯ ᠤᠨ ᠳᠤᠮᠳᠠ᠂ ᠯᠦ ᠶᠤᠸᠠᠨ ᠭᠡᠷ ᠬᠤᠷᠢᠶᠠᠯᠠᠯ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ | ᠡᠭᠦᠳᠴᠦ᠂ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠤᠯᠤᠰ ᠤᠨ ᠠᠮᠤᠷ | ᠲᠦᠪᠰᠢᠨ ᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠳᠤ ᠭᠡᠷ ᠬᠤᠷᠢᠶᠠᠯᠠᠯ ᠤᠨ ᠬᠦᠴᠦᠨ ᠴᠢᠳᠠᠯ ᠢᠶᠠᠨ ᠡᠷᠭᠦᠨ᠎ᠡ᠃ | | | | | | |