4 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠵᠢᠤ ᠶᠤᠸᠠᠨ ᠲᠣᠭᠤᠷᠢᠭ ᠦᠨᠡᠨᠴᠢ ᠢᠲᠡᠭᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠠᠯᠪᠠᠨ ᠬᠡᠷ ᠤᠨ ᠳᠡᠳ᠋ ᠡᠷᠬᠢᠯᠡᠭᠴᠢ᠂ ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠸᠠᠩ ᠱᠤ᠋ ᠶᠦᠨ ᠬᠤᠷᠠᠯ ᠢ ᠡᠷᠭᠢᠯᠡᠵᠦ᠂ ᠡᠯ᠎ᠡ ᠲᠤᠰᠬᠠᠶ ᠠᠬᠢᠭᠤᠯᠬᠤ | ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ᠂ ᠬᠤᠯᠪᠣᠭᠠᠴᠢᠨ ᠬᠤᠷᠠᠯ ᠳᠤ ᠣᠷᠣᠯᠴᠠᠵᠠᠶ᠃ | | | | ᠬᠤᠷᠠᠯ ᠠᠴᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ | ᠲᠤᠰᠬᠠᠶ ᠠᠬᠢᠭᠤᠯᠬᠤ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠪᠠ ᠭᠤᠤᠯᠳᠠᠯᠭ᠎ᠠ ᠲᠠᠢ | ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠪᠥᠬᠦ ᠬᠤᠲᠠ ᠶᠢᠨ ᠦᠨᠡᠨᠴᠢ ᠢᠲᠡᠭᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ | ᠪᠥᠭᠡᠳ ᠲᠠᠷᠠᠭᠠᠴᠢ ᠶᠢᠨ ᠠᠵᠢᠯ ᠤᠨ ᠲᠥᠯᠥᠪᠯᠡᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠤᠰᠬᠠᠢ ᠲᠦᠷᠦᠯ ᠢᠶᠠᠷ ᠠᠬᠢᠭᠤᠯᠬᠤ ᠳᠤᠭᠤᠶᠢᠯᠠᠩ | ᠲᠥᠪᠯᠡᠷᠡᠭᠦᠯᠦᠨ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠦᠨᠡᠨᠴᠢ ᠢᠲᠡᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠢᠭᠡ ᠳᠤ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂《 ᠵᠢᠦ ᠶᠤᠸᠠᠨ ᠲᠣᠭᠤᠷᠢᠭ ᠤᠨ | ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ 2025 ᠣᠨ ᠤ ᠭᠤᠤᠯᠳᠠᠯᠭ᠎ᠠ ᠲᠠᠢ | ᠡᠭᠦᠷᠭᠡ ᠶᠢᠨ ᠠᠵᠢᠯ ᠤᠨ ᠲᠥᠰᠦᠯ 》 ᠢᠶᠠᠷ ᠭᠠᠷᠳᠠᠴᠠ ᠪᠣᠯᠭᠠᠵᠤ᠂ ᠪᠥᠬᠦ ᠲᠤᠭᠤᠷᠢᠭ ᠤᠨ 2025 ᠣᠨ ᠤ | ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠠᠵᠢᠯ ᠤᠨ | ᠡᠭᠦᠷᠭᠡ ᠶᠢ ᠬᠦᠴᠦᠲᠡᠶ᠂ ᠪᠦᠲᠦᠮᠵᠢᠲᠡᠶ ᠠᠬᠢᠭᠤᠯᠬᠤ ᠬᠡᠷᠡᠭᠲᠡᠶ᠃ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠪᠠᠨ | ᠦᠷᠭᠦᠯᠵᠢᠯᠡᠨ ᠰᠢᠨᠡᠴᠢᠯᠡᠵᠦ᠂ ᠠᠵᠢᠯ ᠤᠨ ᠡᠭᠦᠷᠭᠡ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠴᠢᠩᠭ᠎ᠠ | ᠬᠠᠷᠭᠤᠭᠤᠯᠵᠤ᠂ ᠵᠦᠢᠯ ᠳᠠᠷᠠᠭᠠᠯᠠᠨ ᠠᠬᠢᠭᠤᠯᠵᠤ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠢᠯᠠᠩᠭᠤᠶ᠎ᠠ ᠬᠠᠤᠯᠢ | ᠶᠣᠰᠣᠭᠠᠷ ᠵᠠᠰᠠᠭ ᠶᠠᠪᠤᠭᠤᠯᠬᠤ᠂《 ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ 》 ᠶᠢ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ《 ᠢᠲᠡᠭᠡᠮᠵᠢ + ᠦᠵᠡᠭᠳᠡᠯ 》 ᠢ ᠰᠢᠨᠡᠴᠢᠯᠡᠵᠦ᠂ ᠲᠡᠰ ᠬᠤᠪᠢᠶᠠᠨ | ᠲᠦᠷᠦᠯ ᠬᠤᠪᠢᠶᠠᠨ ᠬᠠᠮᠢᠶᠠᠷᠬᠤ ᠲᠠᠯ᠎ᠠ ᠪᠠᠷ ᠬᠦᠴᠦᠯᠡᠬᠦ ᠴᠡᠭ ᠢᠶᠠᠨ ᠣᠨᠣᠪᠴᠢᠲᠠᠢ ᠡᠷᠢᠵᠦ᠂《 ᠬᠠᠮ ᠠᠷᠭ᠎ᠠ》 ᠶᠢ | ᠰᠠᠶᠢᠲᠤᠷ ᠬᠡᠷᠡᠭᠵᠢᠭᠦᠯᠵᠦ᠂ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ | ᠢᠲᠡᠭᠡᠮᠵᠢ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠎ᠡ᠃ ᠭᠤᠷᠪᠠ ᠳᠤ | ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠵᠢᠤ ᠶᠤᠸᠠᠨ ᠲᠣᠭᠤᠷᠢᠭ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠢᠯᠠᠰ ᠴᠡᠭ ᠢ ᠲᠠᠰᠤᠷᠠᠯᠲᠠ ᠥᠬᠡᠶ ᠠᠭᠤᠳᠠᠯᠵᠤ᠂ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ | ᠣᠯᠠᠨ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠪᠠᠨ ᠴᠢᠩᠭᠠᠷᠠᠭᠤᠯᠤᠨ᠂ ᠦᠨᠡᠨᠴᠢ | ᠢᠲᠡᠭᠡᠮᠵᠢᠲᠡᠶ ᠪᠠᠶᠢᠬᠤ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠨᠡᠶᠢᠭᠡᠮ ᠳᠠᠶᠠᠭᠠᠷ ᠲᠤ ᠢᠲᠡᠭᠡᠮᠵᠢᠲᠡᠶ ᠪᠠᠶᠢᠬᠤ ᠨᠢ | ᠢᠷᠠᠭᠤ ᠠᠯᠳᠠᠷᠲᠠᠶ᠂ ᠢᠲᠡᠭᠡᠮᠵᠢ ᠠᠯᠳᠠᠬᠤ ᠨᠢ ᠢᠴᠢᠭᠦᠷᠢ ᠭᠤᠲᠤᠮᠰᠢᠭ ᠲᠠᠢ ᠪᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠤᠯᠭᠠᠨ᠎ᠠ᠃ | | | | | | | | |