ᠵᠢᠦ ᠶᠤᠸᠠᠨ ᠲᠣᠭᠤᠷᠢᠭ 2025 ᠣᠨ ᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠪᠠᠶᠢᠴᠠᠭᠠᠭᠴᠢ᠂ ᠲᠠᠩᠰᠠ ᠲᠡᠮᠳᠡᠭᠯᠡᠬᠦ  ᠪᠤᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/15
    ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠶᠢᠴᠠᠭᠠᠭᠴᠢ ᠪᠠ ᠳᠠᠩᠰᠨ ᠲᠡᠮᠲᠡᠭᠯᠡᠬᠦ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠡᠭᠦᠨ ᠤ ᠰᠡᠳᠬᠢᠯ ᠳᠤ ᠦᠨᠳᠦᠰᠦᠯᠡᠭᠦᠯᠬᠦ ᠶᠢᠨ ᠲᠥᠯᠥᠭᠡ᠂ 4 ᠰᠠᠷ᠎ᠠ ᠶᠢᠨ 10  ᠤ ᠡᠳᠦᠷ᠂ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠨᠢ ᠵᠢᠦ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠲᠠᠢ ᠬᠠᠮᠲᠤᠷᠠᠨ ᠵᠢᠦ ᠶᠤᠸᠠᠨ ᠲᠣᠭᠤᠷᠢᠭ ᠤᠨ ᠳᠠᠯᠠᠨ ᠪᠤᠯᠠᠭ ᠪᠠᠯᠭᠠᠰᠤᠨ ᠤ ᠰᠢᠨ ᠱᠧᠩ ᠲᠣᠰᠬᠤᠨ᠂ ᠬᠤᠶᠠᠷᠬᠤᠳᠳᠤᠭ ᠪᠠᠯᠭᠠᠰᠤᠨ ᠤ ᠶᠦᠩ ᠹᠧᠩ ᠲᠣᠰᠬᠤᠨ ᠳᠤ ᠭᠦᠨᠵᠡᠭᠡᠶᠢᠷᠡᠵᠦ᠂ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠤᠬᠠᠭᠤᠯᠤᠨ ᠲᠠᠶᠢᠯᠪᠤᠷᠢᠯᠠᠬᠤ᠂ ᠶᠠᠷᠢᠯᠴᠠᠨ ᠰᠣᠯᠢᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ 2025 ᠣᠨ ᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠪᠠᠶᠢᠴᠠᠭᠠᠭᠴᠢ᠂ ᠲᠠᠩᠰᠠ ᠲᠡᠮᠳᠡᠭᠯᠡᠬᠦ ᠪᠤᠯᠪᠠᠰᠤᠷᠠᠯ ᠤᠨ ᠠᠵᠢᠯ ᠢ ᠥᠷᠨᠢᠭᠦᠯᠵᠦ᠂ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠺᠦᠩ ᠹᠠᠨ ᠴᠢ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠪᠠᠶ ᠶᠣᠣ ᠭᠤᠸᠠᠩ ᠬᠤᠷᠠᠯ ᠳᠤ ᠣᠷᠣᠯᠴᠠᠪᠠ᠃
11.jpg
    ᠬᠤᠷᠠᠯ ᠳᠡᠭᠡᠷ᠎ᠡ᠂ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠤᠳᠤᠳᠠᠢ ᠡᠩ ᠲᠡᠷᠢᠭᠦᠨ ᠳᠤ 2024 ᠣᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠠᠷᠢᠶᠠᠴᠢᠨ ᠡᠷᠦᠬᠡ ᠶᠢᠨ ᠬᠦᠰᠦᠨᠦᠭᠲᠦ ᠶᠢᠨ ᠭᠦᠢᠴᠡᠳᠬᠡᠯ ᠲᠤᠭ᠎ᠠ ᠳᠤ ᠴᠢᠭᠯᠡᠭᠦᠯᠦᠨ ᠵᠦᠢᠯ ᠳᠠᠷᠠᠭᠠᠯᠠᠨ ᠲᠠᠶᠢᠯᠤᠮᠵᠢ ᠬᠢᠵᠦ᠂ 2024 ᠣᠨ ᠤ ᠡᠴᠦᠰ ᠤᠨ ᠲᠤᠭ᠎ᠠ ᠪᠠᠷᠢᠮᠲᠠ ᠶᠢ ᠳ᠋ᠦᠩᠨᠡᠨ ᠬᠤᠷᠢᠶᠠᠩᠭᠤᠶᠢᠯᠠᠬᠤ ᠦᠶ᠎ᠡ ᠳᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ ᠠᠰᠠᠭᠤᠳᠠᠯ ᠳᠤ ᠭᠤᠤᠯᠳᠠᠯᠭ᠎ᠠ ᠲᠠᠢ ᠲᠠᠶᠢᠯᠪᠤᠷᠢᠯᠠᠯᠲᠠ ᠬᠢᠭᠰᠡᠨ ᠪᠥᠭᠡᠳ ᠲᠤᠭᠤᠷᠢᠭ ᠤᠨ ᠲᠠᠰ ᠤᠨ ᠪᠠᠶᠢᠴᠠᠭᠠᠭᠴᠢ᠂ ᠲᠤᠰᠠᠯᠠᠬᠤ ᠪᠠᠶᠢᠴᠠᠭᠠᠭᠴᠢ ᠶᠢᠨ ᠲᠠᠷᠠᠭᠠᠴᠢ ᠶᠢᠨ ᠠᠵᠢᠯ ᠳᠤ ᠱᠠᠭᠠᠷᠳᠠᠯᠭ᠎ᠠ ᠳᠤᠷᠠᠳᠴᠠᠶ᠃ ᠳᠠᠩᠰᠠ ᠲᠡᠮᠳᠡᠭᠯᠡᠬᠦ ᠳᠤ ᠵᠦᠢᠯ ᠣᠷᠬᠢᠭᠳᠠᠬᠤ ᠵᠦᠢᠯ ᠳᠤᠲᠠᠭᠳᠠᠵᠤ ᠪᠠᠶᠢᠬᠤ᠂ ᠠᠯᠳᠠᠭ᠎ᠠ ᠪᠤᠷᠤᠭᠤ ᠲᠠᠢ ᠪᠠᠶᠢᠬᠤ ᠶᠢ ᠣᠶᠢᠯᠠᠭᠠᠬᠤ ᠵᠡᠷᠭᠡ ᠠᠰᠠᠭᠤᠳᠠᠯ ᠢ ᠵᠢᠯᠣᠭᠤᠳᠤᠨ ᠵᠠᠯᠠᠷᠠᠭᠤᠯᠬᠤ ᠪᠠᠷ ᠳᠠᠮᠵᠢᠨ᠂ ᠳᠠᠩᠰᠠ ᠲᠡᠮᠳᠡᠭᠯᠡᠬᠦ ᠡᠭᠦᠷᠭᠡ ᠪᠠᠨ ᠬᠢᠨᠠᠮᠠᠭᠠᠶ  ᠭᠦᠢᠴᠡᠳᠭᠡᠬᠦ ᠶᠢ ᠰᠢᠮᠳᠠᠭᠤᠯᠵᠤ᠂ ᠳᠠᠩᠰᠠ ᠲᠡᠮᠳᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠠᠭ᠎ᠠ ᠨᠢ᠂ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠳᠠᠨ ᠯᠢᠦ ᠶᠢᠩ《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ 》 ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠂ ᠲᠡᠷᠡ ᠪᠤᠭᠤᠲᠤ ᠬᠤᠳᠠ ᠶᠢᠨ ᠦᠨᠳᠦᠰᠦᠲᠡᠨ ᠤ ᠠᠵᠢᠯ ᠤᠨ ᠠᠷᠪᠠᠨ ᠶᠡᠭᠡ《 ᠵᠠᠩᠭᠢᠯᠠᠭ᠎ᠠ ᠶᠢᠨ ᠦᠭᠡ 》 ᠪᠠᠷ ᠳᠠᠮᠵᠢᠭᠤᠯᠤᠨ᠂ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ ᠠᠵᠤ ᠠᠬᠤᠢ᠂ ᠰᠣᠶᠣᠯ᠂ ᠠᠮᠢ ᠠᠬᠤᠢ ᠵᠡᠷᠭᠡ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠦᠷ᠎ᠡ ᠪᠦᠲᠦᠭᠡᠯ ᠢ ᠠᠮᠢᠳᠤᠯᠢᠭ ᠢᠶᠠᠷ ᠲᠠᠶᠢᠯᠪᠤᠷᠢᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠳᠠᠩᠰᠨ ᠲᠡᠮᠳᠡᠭᠯᠡᠬᠦ ᠠᠵᠢᠯ ᠳᠤᠮᠳᠠ ᠭᠦᠨᠵᠡᠭᠡᠶᠢᠷᠡᠭᠦᠯᠵᠦ᠂ ᠳᠠᠩᠰᠨ ᠲᠡᠮᠳᠡᠭᠯᠡᠬᠦ᠂ ᠪᠠᠶᠢᠴᠠᠭᠠᠭᠴᠢ ᠶᠢ ᠬᠦᠳᠦᠯᠥᠨ ᠵᠢᠯᠣᠭᠤᠳᠴᠤ ᠤᠭ ᠰᠠᠨᠠᠭ᠎ᠠ ᠪᠠᠨ ᠦᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠤᠨ ᠲᠦᠯᠦᠭᠡ ᠳᠠᠩᠰᠨ ᠲᠡᠮᠳᠡᠭᠯᠡᠬᠦ᠂ ᠠᠷᠭ᠎ᠠ ᠤᠬᠠᠭᠠᠨ ᠭᠠᠷᠭᠠᠬᠤ ᠡᠨᠡ ᠬᠦ ᠠᠵᠢᠯ ᠢ ᠰᠠᠶᠢᠲᠤᠷ ᠠᠳᠬᠤᠵᠤ᠂ ᠪᠣᠳᠠᠲᠠᠢᠠᠳᠬᠤᠨ᠎ᠠ᠃
22.jpg
    ᠬᠤᠷᠠᠯ ᠤᠨ ᠳᠠᠷᠠᠭ᠎ᠠ᠂ ᠠᠵᠢᠯᠲᠠᠳ ᠳᠠᠩᠰᠨ ᠳᠡᠪᠲᠡᠷ ᠤᠨ ᠠᠭᠤᠯᠭ᠎ᠠ ᠶᠢᠨ ᠪᠥᠬᠦ ᠲᠠᠯᠠᠲᠤ ᠴᠢᠨᠠᠷ᠂ ᠪᠦᠷᠢᠨ ᠪᠦᠲᠦᠨ ᠴᠢᠨᠠᠷ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠵᠡᠷᠭᠡ ᠲᠠᠯ᠎ᠠ ᠪᠠᠷ ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷ ᠳᠡᠮᠵᠢᠨ᠂ ᠲᠣᠰᠬᠤᠨ ᠪᠦᠷᠢ 2024 ᠣᠨ ᠤ ᠬᠤᠲᠠ ᠶᠢᠨ ᠲᠠᠰ ᠤᠨ ᠰᠢᠯᠢᠳᠡᠭ ᠳᠠᠩᠰᠨ ᠲᠡᠮᠲᠡᠭᠯᠡᠬᠦ 2 ᠬᠦᠮᠦᠨ ᠢ ᠰᠢᠯᠭᠠᠷᠠᠭᠤᠯᠤᠨ ᠬᠥᠬᠢᠭᠦᠯᠦᠨ ᠰᠠᠶᠢᠰᠢᠶᠠᠬᠤ ᠶᠢᠨ ᠬᠠᠮᠲᠤ᠂ ᠲᠡᠭᠦᠨ ᠳᠤ ᠰᠢᠯᠢᠳᠡᠭ ᠳᠠᠩᠰᠨ ᠲᠡᠮᠲᠡᠭᠯᠡᠬᠦ ᠫᠠᠶᠢᠰᠠ ᠢᠯᠡᠷᠬᠡᠶᠢᠯᠡᠯ ᠪᠠ ᠱᠠᠩᠨᠠᠯ ᠤᠨ ᠮᠥᠩᠭᠦ ᠣᠯᠭᠤᠪᠠ᠃ ᠺᠦᠩ ᠹᠠᠨ ᠴᠢ ᠲᠡᠳᠡᠨ ᠤ ᠢᠮᠠᠭᠲᠠ ᠶᠢᠨ ᠰᠢᠷᠭᠠᠭᠤ ᠬᠠᠲᠠᠭᠤᠵᠢᠯᠲᠠᠶ ᠲᠠᠩᠰᠠ ᠲᠡᠮᠳᠡᠭᠯᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠥᠯᠢᠭᠡᠷ ᠳᠠᠭᠤᠷᠢᠶᠠᠯ ᠪᠣᠯᠬᠤ ᠶᠢ ᠵᠣᠷᠢᠭᠵᠢᠭᠤᠯᠵᠤ᠂ ᠲᠣᠰ ᠤᠳᠠᠭᠠᠨ ᠤ ᠰᠢᠯᠢᠳᠡᠭ ᠳᠠᠩᠰᠨ ᠲᠡᠮᠲᠡᠭᠯᠡᠬᠦ ᠶᠢᠨ ᠰᠢᠯᠭᠠᠷᠠᠭᠤᠯᠤᠯᠲᠠ ᠪᠠᠷ ᠳᠡᠮᠵᠢᠨ᠂ ᠳᠠᠩᠰᠨ ᠲᠡᠮᠳᠡᠭᠯᠡᠬᠦ ᠠᠵᠢᠯ ᠤᠨ ᠢᠳᠡᠪᠬᠢᠵᠢᠯ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠵᠤ᠂ ᠣᠨᠣᠪᠴᠢᠲᠠᠶ᠂ ᠴᠠᠭ ᠲᠤᠬᠠᠶ ᠳᠤᠨᠢ᠂ ᠪᠥᠬᠦ ᠲᠠᠯ᠎ᠠ ᠪᠠᠷ ᠲᠠᠩᠰᠠ ᠲᠡᠮᠳᠡᠭᠯᠡᠬᠦ ᠶᠢ ᠬᠦᠰᠡᠵᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠲᠤᠭᠤᠷᠢᠭ ᠤᠨ ᠱᠠᠲᠤᠨ ᠤ ᠪᠠᠶᠢᠴᠠᠭᠠᠭᠴᠢ ᠪᠣᠯᠤᠨ ᠲᠤᠰᠠᠯᠠᠬᠤ ᠪᠠᠶᠢᠴᠠᠭᠠᠭᠴᠢ ᠲᠠᠩᠰᠠ ᠲᠡᠮᠳᠡᠭᠯᠡᠬᠦ ᠡᠳᠦᠷ ᠲᠤᠲᠤᠮ ᠤᠨ ᠲᠠᠩᠰᠠ ᠲᠡᠮᠳᠡᠭᠯᠡᠬᠦ ᠶᠢ ᠵᠢᠯᠣᠭᠤᠳᠬᠤ᠂ ᠱᠠᠯᠠᠪᠳᠠᠭᠤᠯᠬᠤ ᠠᠵᠢᠯ ᠢ ᠰᠠᠶᠢᠲᠤᠷ ᠬᠢᠵᠦ᠂ ᠪᠠᠶᠢᠴᠠᠭᠠᠯᠲᠠ ᠶᠢᠨ ᠠᠵᠢᠯ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠶᠢᠨ ᠦᠢᠯᠡᠳᠦᠯ ᠢ ᠨᠠᠩ ᠰᠠᠶᠢᠲᠤᠷ  ᠪᠠᠳᠠᠷᠠᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号