ᠣᠶᠢᠷ᠎ᠠ ᠳᠤ᠂ ᠵᠣᠣ ᠰᠢᠨ ᠳᠡᠳ᠋ ᠲᠣᠭᠤᠷᠢᠭ ᠤᠨ ᠳᠠᠷᠤᠭ᠎ᠠ ᠱᠠᠨᠳᠦ᠋ᠩ ᠤᠨ ᠳ᠋ᠢ ᠱᠠᠩ ᠠᠵᠢᠯ ᠮᠡᠷᠭᠡᠵᠢᠯ ᠤᠨ | ᠠᠵᠢᠯ ᠤᠨ ᠬᠤᠪᠴᠠᠰᠤᠨ ᠤ ᠪᠦᠯᠦᠭᠯᠡᠯ ᠺᠣᠮᠫᠠᠨᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳ᠋ᠢ ᠱᠠᠩ | ᠦᠢᠯᠡᠳᠪᠦᠷᠢ ᠶᠢᠨ ᠰᠢᠭᠤᠳ ᠪᠣᠷᠣᠯᠠᠭᠤᠯᠭ᠎ᠠ ᠶᠢᠨ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠵᠢᠴᠢ ᠵᠢᠦ ᠱᠧᠩ | ᠪᠦᠯᠦᠭᠯᠡᠯ ᠲᠠᠢ ᠪᠠᠯᠠ ᠨᠡᠶᠢᠯᠡᠭᠦᠯᠦᠭᠰᠡᠨ ᠺᠣᠮᠫᠠᠨᠢ ᠪᠠᠶᠢᠭᠤᠯᠬᠤ ᠵᠡᠷᠭᠡ ᠶᠠᠪᠤᠳᠠᠯ ᠤᠨ ᠲᠣᠭᠤᠷᠢᠨ ᠳᠤ ᠭᠦᠨᠵᠡᠭᠡᠶ | ᠶᠠᠷᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠳ᠋ᠢ ᠱᠠᠩ ᠪᠦᠯᠦᠭᠯᠡᠯ ᠮᠠᠨ ᠤ ᠲᠤᠭᠤᠷᠢᠭ ᠲᠤ ᠦᠢᠯᠡᠳᠪᠦᠷᠢ ᠶᠢᠨ ᠰᠢᠭᠤᠳ | ᠪᠣᠷᠣᠯᠠᠭᠤᠯᠬᠤ ᠳᠡᠯᠭᠡᠭᠦᠷ ᠪᠠᠶᠢᠭᠤᠯᠬᠤ ᠪᠠᠷ ᠲᠥᠯᠥᠪᠯᠡᠵᠦ᠂ ᠲᠣᠰ ᠦᠢᠯᠡᠳᠪᠦᠷᠢ ᠶᠢᠨ ᠳᠡᠯᠭᠡᠭᠦᠷ ᠨᠢ《 ᠰᠦᠯᠵᠢᠶᠡᠨ | ᠳᠡᠭᠡᠷᠡᠬᠢ +ᠰᠦᠯᠵᠢᠶᠡᠨ ᠭᠠᠳᠠᠨᠠᠬᠢ 》ᠠᠷᠭ᠎ᠠ ᠬᠡᠯᠪᠡᠷᠢ ᠪᠠᠷ ᠬᠤᠪᠴᠠᠰᠤ ᠵᠢᠷᠤᠵᠤ ᠲᠥᠯᠥᠪᠯᠡᠬᠦ᠂ ᠦᠢᠯᠡᠳᠪᠦᠷᠢᠯᠡᠬᠦ᠂ | ᠪᠥᠭᠡᠮ ᠢᠶᠠᠷ ᠬᠤᠳᠠᠯᠳᠤᠬᠤ᠂ ᠪᠣᠷᠣᠯᠠᠭᠤᠯᠬᠤ ᠵᠡᠷᠭᠡ ᠭᠤᠭᠴᠤᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠬᠤᠪᠴᠠᠰᠤ | ᠦᠢᠯᠡᠳᠪᠦᠷᠢᠯᠡᠵᠦ ᠪᠣᠯᠪᠠᠰᠤᠷᠠᠭᠤᠯᠬᠤ ᠪᠥᠬᠦ ᠬᠡᠯᠬᠢᠶᠡᠨ ᠤ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃ ᠬᠤᠶᠠᠷ | ᠲᠠᠯ᠎ᠠ ᠪᠠᠷ ᠢᠶᠠᠨ ᠵᠢᠦ ᠱᠧᠩ ᠪᠦᠯᠦᠭᠯᠡᠯ ᠲᠠᠢ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠵᠤ ᠣᠳᠣ ᠶᠢᠨ ᠳ᠋ᠢ ᠱᠠᠩ | ᠠᠵᠢᠯ ᠤᠨ ᠬᠤᠪᠴᠠᠰᠤᠨ ᠤ ᠠᠵᠢᠯ ᠢ ᠠᠮᠢᠳᠤᠯᠢᠭ ᠪᠣᠯᠭᠠᠬᠤ ᠲᠤᠬᠠᠶ ᠵᠥᠪᠳᠡᠯᠴᠡᠪᠡ᠃ | ᠲᠠᠷᠠᠭᠠᠴᠢ ᠪᠠᠷ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠱᠠᠨᠳᠦ᠋ᠩ ᠤᠨ ᠳ᠋ᠢ ᠱᠠᠩ ᠠᠵᠢᠯ | ᠮᠡᠷᠭᠡᠵᠢᠯ ᠤᠨ ᠠᠵᠢᠯ ᠤᠨ ᠬᠤᠪᠴᠠᠰᠤᠨ ᠤ ᠪᠦᠯᠦᠭᠯᠡᠯ ᠺᠣᠮᠫᠠᠨᠢ ᠲᠠᠢ ᠢᠳᠡᠪᠬᠢᠲᠡᠶ ᠵᠣᠯᠭᠠᠯᠴᠠᠵᠤ᠂ ᠦᠢᠯᠡᠳᠪᠦᠷᠢ ᠶᠢᠨ | ᠰᠢᠭᠤᠳ ᠪᠣᠷᠣᠯᠠᠭᠤᠯᠬᠤ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠰᠠᠨᠠᠮᠵᠢ ᠵᠢᠴᠢ ᠠᠬᠢᠴᠠ ᠶᠢ ᠦᠷᠭᠦᠯᠵᠢᠯᠡᠨ | ᠳᠠᠭᠠᠵᠤ᠂ ᠠᠵᠤ ᠠᠬᠤᠶᠢᠯᠠᠯ ᠳᠤ ᠴᠢᠨᠠᠷ ᠰᠠᠶᠢᠲᠠᠶ ᠵᠠᠬᠢᠶᠠᠯᠠᠭ᠎ᠠ ᠡᠷᠢᠵᠦ ᠦᠭᠴᠦ᠂ ᠲᠥᠷᠥᠯ ᠵᠦᠢᠯ ᠢ | ᠨᠠᠶᠢᠲᠠᠪᠦᠷᠢᠵᠢᠭᠤᠯᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ ᠵᠢᠦ ᠱᠧᠩ | ᠪᠦᠯᠦᠭᠯᠡᠯ ᠪᠣᠯᠤᠨ ᠳ᠋ᠢ ᠱᠠᠩ ᠪᠦᠯᠦᠭᠯᠡᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ | ᠵᠠᠬᠢᠶᠠᠯᠠᠭ᠎ᠠ ᠡᠷᠢᠵᠦ ᠥᠭᠴᠦ᠂ ᠣᠲᠣ ᠶᠢᠨ ᠪᠠᠶᠢᠭ᠎ᠠ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠪᠠᠶᠢᠳᠠᠯ ᠢ | ᠬᠤᠪᠢᠷᠠᠭᠤᠯᠵᠤ ᠬᠤᠲᠠ ᠶᠢᠨ ᠳᠦᠷᠢ ᠲᠥᠷᠬᠦ ᠲᠠᠢ ᠬᠤᠯᠪᠣᠭᠳᠠᠬᠤ ᠠᠵᠢᠯ ᠲᠥᠷᠥᠯ ᠤᠨ ᠠᠵᠢᠯ ᠤᠨ ᠬᠤᠪᠴᠠᠰᠤ | ᠬᠤᠨᠠᠷ ᠢ ᠨᠢᠭᠡᠳᠦᠯᠲᠡᠶ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ | ᠠᠵᠢᠯ ᠤᠨ ᠬᠤᠪᠴᠠᠰᠤᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠴᠢᠷᠮᠠᠶᠢᠨ ᠪᠠᠶᠢᠭᠤᠯᠤᠨ᠎ᠠ᠃ | | | | | | |