ᠬᠤᠶᠠᠷᠬᠤᠳᠳᠤᠭ ᠪᠠᠯᠭᠠᠰᠤᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠳᠠᠩᠰᠠᠨ ᠲᠡᠮᠲᠡᠭᠯᠡᠬᠦ ᠪᠣᠯᠪᠠᠰᠤᠷᠠᠯ ᠤᠨ ᠬᠤᠷᠠᠯ
ᠨᠡᠶᠢᠲᠡᠯᠡᠭᠰᠡᠨ ᠴᠠᠭ᠄
2025/4/16
    ᠮᠠᠨ ᠤ ᠪᠠᠯᠭᠠᠰᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠲᠠᠩᠰᠠ ᠲᠡᠮᠳᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠩᠰᠠ ᠲᠡᠮᠳᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 4 ᠳ᠋ᠦᠭᠡᠷ ᠰᠠᠷ᠎ᠠ ᠶᠢᠨ 10  ᠤ ᠡᠳᠦᠷ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠺᠦᠩ ᠹᠠᠨ ᠴᠢ ᠵᠢᠴᠢ ᠵᠢᠤ ᠶᠤᠸᠠᠨ ᠲᠤᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠪᠠᠶ ᠶᠣᠣ ᠭᠤᠸᠠᠩ ᠨᠠᠷ ᠬᠤᠶᠠᠷᠬᠤᠳᠳᠤᠭ ᠤᠨ ᠶᠦᠩ ᠹᠧᠩ ᠲᠣᠰᠬᠤᠨ ᠳᠤ ᠬᠦᠷᠴᠦ ᠪᠤᠯᠪᠠᠰᠤᠷᠠᠯ ᠤᠨ ᠬᠤᠷᠠᠯ ᠬᠢᠪᠠ᠂ ᠬᠤᠷᠠᠯ ᠳᠤ ᠭᠤᠤᠯᠳᠠᠭᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠪᠠ ᠰᠢᠯᠢᠳᠡᠭ ᠰᠢᠯᠭᠠᠷᠠᠭᠤᠯᠤᠯᠲᠠ ᠭᠡᠬᠦ ᠭᠤᠷᠪᠠᠨ ᠵᠦᠢᠯ ᠤᠨ ᠠᠭᠤᠯᠭ᠎ᠠ ᠶᠠᠪᠤᠭᠳᠠᠭᠤᠯᠪᠠ᠃ ᠲᠤᠰᠠᠯᠠᠬᠤ ᠪᠠᠶᠢᠴᠠᠭᠠᠭᠴᠢ ᠵᠢᠶᠠ ᠶᠦᠩ᠂ 20 ᠡᠷᠦᠭᠡ ᠶᠢᠨ ᠲᠠᠩᠰᠠ ᠲᠡᠮᠳᠡᠭᠯᠡᠭᠴᠢ ᠪᠣᠯᠪᠠᠰᠤᠷᠠᠯ ᠳᠤ ᠣᠷᠣᠯᠴᠠᠪᠠ᠃
111.jpg
    ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠥᠷᠨᠢᠭᠦᠯᠵᠦ᠂ ᠳᠠᠩᠰᠠ ᠲᠡᠮᠳᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠳᠠᠨ ᠲᠣᠭᠲᠠᠮᠠᠯ ᠠᠵᠢᠭᠯᠠᠯᠲᠠ ᠶᠢᠨ ᠴᠡᠭ ᠤᠨ ᠦᠨᠳᠦᠰᠦᠨ ᠪᠠᠶᠢᠳᠠᠯ ᠠᠴᠠ 2024 ᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠪᠠᠶᠢᠴᠠᠭᠠᠯᠲᠠ ᠶᠢᠨ ᠰᠢᠰᠲ᠋ᠧᠮ ᠢ ᠰᠠᠶᠢᠵᠢᠷᠠᠭᠤᠯᠬᠤ ᠠᠷᠭ᠎ᠠ ᠬᠡᠮᠵᠢᠶ᠎ᠡ᠂ 2024 ᠣᠨ ᠤ ᠵᠤᠷᠰᠢᠯ ᠬᠢᠭᠡᠳ ᠲᠤᠰᠬᠠᠶ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠬᠢᠭᠡᠳ ᠠᠩᠬᠠᠷᠬᠤ ᠵᠦᠢᠯᠡᠰ ᠵᠡᠷᠭᠡ ᠲᠠᠯ᠎ᠠ ᠪᠠᠷ ᠵᠠᠳᠠᠯᠤᠯᠲᠠ ᠲᠠᠶᠢᠯᠤᠮᠵᠢ ᠬᠢᠵᠦ᠂ ᠭᠤᠤᠯ ᠭᠦᠢᠴᠡᠳᠬᠡᠯ ᠲᠤᠭ᠎ᠠ ᠶᠢ ᠭᠤᠤᠯᠳᠠᠯᠭ᠎ᠠ ᠲᠠᠢ ᠴᠢᠬᠤᠯᠠᠴᠢᠯᠠᠬᠤ ᠶᠢᠨ ᠬᠠᠮᠲᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠᠷᠢᠮᠵᠢᠶ᠎ᠠ : ᠣᠨᠣᠪᠴᠢᠲᠤ ᠴᠢᠨᠠᠷ᠂ ᠴᠠᠭ ᠲᠤᠬᠠᠶᠢᠴᠢ ᠴᠢᠨᠠᠷ᠂ ᠨᠢᠭᠡᠳᠦᠯᠲᠦ ᠴᠢᠨᠠᠷ᠂ ᠠᠪᠴᠠᠯᠳᠤᠩᠭᠤᠶ ᠴᠢᠨᠠᠷ᠂ ᠵᠣᠬᠢᠴᠠᠯᠳᠤ ᠴᠢᠨᠠᠷ ᠢ ᠲᠠᠶᠢᠯᠪᠤᠷᠢᠯᠠᠪᠠ᠃    2024 ᠣᠨ ᠤ ᠬᠤᠲᠠ ᠶᠢᠨ ᠲᠠᠰ ᠤᠨ ᠰᠢᠯᠢᠳᠡᠭ ᠳᠠᠩᠰᠠ ᠲᠡᠮᠲᠡᠭᠯᠡᠬᠦ ᠡᠷᠦᠭᠡ ᠶᠢ ᠰᠣᠩᠭᠤᠨ ᠰᠢᠯᠭᠠᠷᠠᠭᠤᠯᠪᠠ᠃ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠨᠢ ᠵᠢᠦ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠳ ᠲᠠᠢ ᠬᠠᠮᠲᠤᠷᠠᠨ 20 ᠡᠷᠦᠬᠡ ᠶᠢᠨ ᠲᠠᠩᠰᠠ ᠲᠡᠮᠳᠡᠭᠯᠡᠬᠦ ᠳᠤ ᠴᠢᠭᠯᠡᠭᠦᠯᠦᠨ᠂ ᠪᠠᠶᠢᠴᠠᠭᠠᠨ ᠦᠵᠡᠭᠰᠡᠨ ᠲᠠᠩᠰᠠ ᠲᠡᠮᠳᠡᠭᠯᠡᠬᠦ ᠳᠡᠪᠲᠡᠷ᠂ ᠲᠠᠭᠯᠠᠨ ᠮᠡᠳᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠬᠤ ᠪᠠᠷ ᠳᠠᠮᠵᠢᠭᠤᠯᠤᠨ᠂ ᠶᠡᠷᠦᠩᠬᠡᠶᠢᠯᠡᠨ ᠦᠨᠡᠯᠡᠨ ᠵᠢᠱᠢᠵᠦ ᠪᠠᠶᠢᠴᠠᠭᠠᠯᠲᠠ ᠬᠢᠭᠰᠡᠨ ᠲᠤᠭ᠎ᠠ ᠪᠠᠷᠢᠮᠲᠠ ᠶᠢᠨ ᠪᠤᠰᠤᠳᠴᠢ ᠦᠨᠡᠨ ᠪᠣᠳᠠᠲᠤ ᠴᠢᠨᠠᠷ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠯᠣᠭᠢᠭ ᠤᠨ ᠵᠦᠶ ᠶᠣᠰᠣᠴᠢ ᠴᠢᠨᠠᠷ᠂ 2024 ᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠬᠤᠲᠠ ᠶᠢᠨ ᠲᠠᠰ ᠤᠨ ᠰᠢᠯᠢᠳᠡᠭ ᠳᠠᠩᠰᠠ ᠲᠡᠮᠲᠡᠭᠯᠡᠬᠦ 2 ᠡᠷᠦᠭᠡ ᠰᠣᠩᠭᠤᠨ ᠭᠠᠷᠭᠠᠪᠠ᠃ ᠲᠤᠬᠠᠶ ᠶᠢᠨ ᠲᠠᠯᠠᠪᠠᠢ ᠳᠤ ᠰᠢᠯᠭᠠᠷᠠᠭᠤᠯᠤᠨ ᠭᠠᠷᠭᠠᠭᠰᠠᠨ ᠰᠢᠯᠢᠳᠡᠭ ᠳᠠᠩᠰᠠ ᠲᠡᠮᠲᠡᠭᠯᠡᠬᠦ ᠡᠷᠦᠭᠡ ᠶᠢ ᠬᠥᠬᠢᠭᠦᠯᠦᠨ᠎ᠡ᠃    ᠬᠤᠷᠠᠯ ᠠᠴᠠ᠂ ᠪᠣᠶ ᠪᠥᠬᠦᠶ ᠳᠠᠩᠰᠨ ᠲᠡᠮᠲᠡᠭᠯᠡᠬᠦ ᠶᠠᠪᠤᠴᠠ ᠳᠤ ᠲᠤᠭ᠎ᠠ ᠪᠠᠷᠢᠮᠲᠠ ᠶᠢ ᠦᠨᠡᠨ ᠪᠣᠳᠠᠲᠠᠶ ᠪᠠᠷ ᠲᠡᠮᠲᠡᠭᠯᠡᠬᠦ᠂ ᠪᠠᠶᠢᠳᠠᠯ ᠢ ᠦᠨᠡᠨ ᠪᠤᠲᠠᠲᠠᠢ ᠪᠠᠷ ᠲᠤᠰᠬᠠᠬᠤ ᠶᠢ ᠦᠨᠡᠨ ᠬᠦ ᠪᠠᠲᠤᠯᠠᠵᠤ᠂ ᠵᠠᠷᠤᠳᠠᠯ ᠨᠢᠭᠡᠪᠦᠷᠢ ᠶᠢ ᠣᠷᠬᠢᠭᠳᠠᠭᠤᠯᠬᠤ ᠥᠬᠡᠶ᠂ ᠲᠥᠷᠥᠯ ᠵᠦᠢᠯ ᠢ ᠠᠩᠭᠢᠯᠠᠵᠤ  ᠪᠤᠷᠤᠭᠤ ᠲᠡᠮᠲᠡᠭᠯᠡᠬᠦ ᠦᠭᠡᠢ᠂ ᠨᠠᠷᠢᠨ ᠲᠠᠩᠰᠠ ᠲᠡᠮᠳᠡᠭᠯᠡᠬᠦ᠂ ᠣᠨᠣᠪᠴᠢᠲᠠᠶ ᠲᠠᠩᠰᠠ ᠲᠡᠮᠳᠡᠭᠯᠡᠬᠦ᠂ ᠪᠥᠬᠦ ᠲᠠᠩᠰᠠ ᠲᠡᠮᠳᠡᠭᠯᠡᠬᠦ ᠶᠢ ᠦᠨᠡᠨ ᠬᠦ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ᠂《 ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ 》 ᠤ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠯᠠᠪᠯᠠᠬᠤ ᠦᠨᠳᠦᠰᠦᠯᠡᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠲᠠᠩᠰᠠ ᠲᠡᠮᠳᠡᠭᠯᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠳᠤ ᠴᠢᠭᠯᠡᠭᠦᠯᠦᠨ ᠠᠭᠤᠵᠢᠷᠠᠲᠠᠯ᠎ᠠ ᠶᠠᠷᠢᠭᠤᠯᠵᠤ᠂ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠲᠤᠬᠠᠶ ᠶᠢᠨ ᠲᠠᠯᠠᠪᠠᠶ ᠳᠤᠨᠢ ᠵᠢᠭᠠᠨ ᠵᠢᠯᠣᠭᠤᠳᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号