ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠤ ᠠᠬᠤᠶᠢᠯᠠᠯ ᠳᠤ ᠦᠢᠯᠡᠴᠢᠯᠡᠬᠦ᠂ ᠵᠠᠯᠠᠭᠤᠴᠤᠳ ᠲᠤ | ᠦᠢᠯᠡᠴᠢᠯᠡᠬᠦ ᠠᠵᠢᠯ ᠳᠤᠮᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ | ᠠᠵᠤ ᠠᠬᠤᠶᠢᠯᠠᠯ ᠤᠨ ᠵᠠᠯᠠᠭᠤᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠷᠠᠯᠵᠢᠶ᠎ᠠ ᠡᠵᠡᠩᠨᠡᠬᠦ | ᠣᠷᠴᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠵᠠᠯᠠᠭᠤᠴᠤᠳ ᠤᠨ ᠲᠠᠪᠴᠠᠩ ᠤᠨ ᠵᠢᠭᠰᠠᠭᠠᠯ ᠤᠨ | ᠭᠠᠵᠠᠷ ᠢ ᠪᠦᠲᠦᠮᠵᠢᠲᠡᠢ ᠥᠷᠭᠡᠳᠬᠡᠵᠦ᠂ ᠨᠡᠩ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠠᠵᠢᠯ ᠤᠨ | ᠴᠢᠯᠥᠭᠡᠨ ᠤ ᠴᠠᠭ ᠲᠤ ᠰᠢᠨ᠎ᠡ ᠬᠥᠭᠡᠭᠡᠴᠡᠯᠳᠦᠯ ᠲᠠᠢ᠂ ᠤᠴᠢᠬᠤ ᠰᠠᠶᠢᠨ ᠭᠠᠵᠠᠷ ᠲᠠᠢ ᠪᠣᠯᠭᠠᠬᠤ ᠶᠢᠨ ᠲᠥᠯᠥᠭᠡ᠂ | ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠣᠯᠤᠨ | ᠵᠠᠯᠠᠭᠤᠴᠤᠳ ᠤᠨ ᠪᠤᠳᠤᠯ ᠤᠨ ᠲᠣᠭᠤᠷᠢᠨ ᠳᠤ᠂《 ᠵᠠᠯᠠᠭᠤᠴᠤᠳ ᠤᠨ ᠤᠷᠤᠢ ᠶᠢᠨ ᠰᠤᠷᠭᠠᠭᠤᠯᠢ 》 ᠶᠢ ᠠᠵᠤ | ᠠᠬᠤᠶᠢᠯᠠᠯ ᠳᠤ ᠬᠦᠷᠭᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ | ᠬᠦᠷᠴᠦ ᠰᠤᠷᠤᠯᠭ᠎ᠠ ᠬᠦᠷᠭᠡᠬᠦ ᠦᠢᠯᠡᠴᠢᠯᠡᠭᠡ ᠬᠠᠩᠭᠠᠪᠠ᠃ | | | | ᠲᠤᠰ ᠬᠤᠭᠤᠴᠠᠭᠠᠨ ᠤ ᠵᠢᠦ ᠶᠤᠸᠠᠨ ᠤ《 ᠵᠠᠯᠠᠭᠤᠴᠤᠳ ᠤᠨ ᠤᠷᠤᠢ ᠶᠢᠨ ᠰᠤᠷᠭᠠᠭᠤᠯᠢ 》ᠪᠤᠭᠤᠲᠤ ᠶᠢᠨ | ᠱᠸᠤ ᠴᠤᠸᠠᠩ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠢᠷᠡᠪᠡ᠃ ᠡᠮᠦᠨ᠎ᠡ | ᠬᠤᠭᠤᠴᠠᠭᠠᠨ ᠳᠤ᠂ ᠡᠪᠯᠡᠯ ᠤᠨ ᠬᠤᠷᠢᠶ᠎ᠠ ᠪᠤᠭᠤᠲᠤ ᠶᠢᠨ ᠱᠸᠤ ᠴᠤᠸᠠᠩ ᠤᠰᠤᠨ ᠶᠠᠪᠤᠳᠠᠯ ᠤᠨ ᠵᠠᠯᠠᠭᠤ ᠠᠵᠢᠯᠳᠠᠨ | ᠠᠵᠢᠯᠴᠢᠨ ᠤ ᠳᠤᠷ᠎ᠠ ᠪᠠᠬ᠎ᠠ ᠶᠢ ᠭᠦᠢᠴᠡᠳ ᠣᠶᠢᠯᠠᠭᠠᠵᠤ᠂ ᠭᠡᠷᠡᠯ ᠵᠢᠷᠤᠭ ᠤᠨ ᠬᠢᠴᠢᠶᠡᠯ ᠨᠢ ᠲᠡᠷᠢᠭᠦᠨ | ᠰᠣᠩᠭᠤᠯᠲᠠ ᠶᠢᠨ ᠬᠢᠴᠢᠶᠡᠯ ᠪᠣᠯᠵᠠᠢ᠃ | ᠬᠢᠴᠢᠶᠡᠯ ᠳᠡᠭᠡᠷ᠎ᠡ ᠪᠦᠦ ᠰᠢᠨ ᠴᠢ ᠪᠠᠭᠰᠢ ᠲᠤᠬᠠᠶ ᠶᠢᠨ ᠲᠠᠯᠠᠪᠠᠶ ᠳᠤ ᠵᠢᠱᠢᠶ᠎ᠡ ᠦᠵᠡᠭᠦᠯᠬᠦ᠂ ᠰᠠᠨᠠᠯ ᠢᠶᠠᠨ | ᠰᠣᠯᠢᠯᠴᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠭᠠᠷ ᠤᠲᠠᠰᠤ ᠪᠠᠷ ᠭᠡᠷᠡᠯ ᠵᠢᠷᠤᠭ ᠠᠪᠬᠤ ᠦᠨᠳᠦᠰᠦᠨ | ᠮᠡᠳᠡᠯᠭᠡ ᠶᠢ ᠭᠦᠨᠵᠡᠭᠡᠢ ᠪᠦᠭᠡᠳ ᠤᠶᠢᠯᠠᠭᠠᠮᠵᠢᠲᠠᠢ ᠪᠠᠷ ᠵᠢᠭᠠᠵᠠᠶ᠃ ᠠᠵᠢᠯ ᠠᠮᠢᠳᠤᠷᠠᠯ ᠳᠤᠮᠳᠠᠬᠢ ᠭᠡᠷᠡᠯ ᠵᠢᠷᠤᠭ ᠤᠨ | ᠬᠡᠷᠡᠭ ᠤᠨ ᠵᠢᠱᠢᠶ᠎ᠡ ᠪᠠᠷ ᠲᠦᠰᠢᠭ ᠪᠣᠯᠭᠠᠨ᠂ ᠪᠦᠦ ᠪᠠᠭᠰᠢ ᠭᠠᠷ ᠤᠲᠠᠰᠤᠨ ᠤ ᠭᠡᠷᠡᠯ ᠵᠢᠷᠤᠭ ᠤᠨ ᠮᠠᠰᠢᠨ ᠢᠶᠠᠷ | ᠰᠡᠭᠦᠳᠡᠷᠯᠡᠬᠦ ᠳᠡᠭᠡᠨ ᠥᠨᠴᠥᠭ᠂ ᠵᠢᠷᠤᠭ ᠪᠦᠲᠦᠭᠡᠬᠦ᠂ ᠦᠵᠡᠮᠵᠢ ᠰᠣᠩᠭᠤᠬᠤ ᠵᠢᠴᠢ ᠭᠡᠷᠡᠯ ᠵᠡᠷᠭᠡ ᠲᠠᠯ᠎ᠠ ᠶᠢᠨ ᠤᠷ᠎ᠠ | ᠳᠡᠮ ᠢ ᠬᠡᠷᠬᠢᠨ ᠤᠷᠠᠨ ᠢᠶᠠᠷ ᠡᠵᠡᠮᠰᠢᠬᠦ ᠲᠤᠬᠠᠶ ᠨᠠᠷᠢᠨ ᠥᠭᠦᠯᠡᠵᠡᠶ᠃ ᠱᠤᠭ ᠶᠦᠮᠦᠷᠯᠢᠭ ᠲᠠᠶᠢᠯᠪᠤᠷᠢᠯᠠᠬᠤ ᠠᠷᠭ᠎ᠠ | ᠨᠢ ᠵᠠᠯᠠᠭᠤ ᠰᠤᠷᠤᠭᠴᠢᠳ ᠤᠨ ᠭᠡᠷᠡᠯ ᠵᠢᠷᠤᠭ ᠠᠪᠬᠤ ᠭᠦᠨ ᠵᠤᠵᠠᠭᠠᠨ ᠳᠤᠷ᠎ᠠ ᠰᠣᠨᠢᠷᠬᠠᠯ ᠢ ᠬᠥᠭᠵᠢᠭᠡᠵᠦ᠂ | ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠬᠥᠭᠵᠢᠶᠡᠨᠲᠡᠶ ᠪᠣᠯᠭᠠᠪᠠ᠃ | ᠬᠢᠴᠢᠶᠡᠯ ᠳᠤ ᠣᠷᠣᠯᠴᠠᠭᠰᠠᠨ ᠨᠢᠭᠡᠨ ᠵᠠᠯᠠᠭᠤ ᠠᠵᠢᠯᠲᠠᠨ ᠪᠠᠶᠠᠷᠯᠠᠩᠭᠤᠢ ᠪᠠᠷ :《 ᠬᠡᠷᠡᠯ ᠵᠢᠷᠤᠭ ᠤᠨ ᠬᠢᠴᠢᠶᠡᠯ | ᠳᠡᠭᠡᠷ᠎ᠡ᠂ ᠪᠠᠭᠰᠢ ᠪᠢᠳᠡᠨ ᠳᠤ ᠬᠡᠷᠬᠢᠨ ᠵᠢᠷᠤᠭ ᠪᠦᠲᠦᠭᠡᠬᠦ᠂ ᠬᠡᠷᠬᠢᠨ ᠬᠡᠷᠡᠯ ᠬᠡᠷᠡᠭᠯᠡᠬᠦ ᠲᠤᠬᠠᠶ ᠬᠦᠯᠢᠴᠡᠩᠭᠦᠶ ᠪᠠᠷ | ᠵᠢᠭᠠᠨ ᠰᠤᠷᠭᠠᠵᠠᠶ᠂ ᠨᠠᠷᠢᠨ ᠵᠦᠢᠯᠡᠰ ᠨᠢᠭᠡᠪᠦᠷᠢ ᠶᠢ ᠨᠠᠷᠢᠨ ᠲᠣᠳᠣᠷᠬᠠᠶ ᠲᠠᠶᠢᠯᠪᠦᠷᠢᠯᠠᠪᠠ᠃ ᠪᠢ ᠶᠡᠷᠦ ᠠᠴᠠ ᠭᠠᠷ | ᠤᠲᠠᠰᠤ ᠪᠠᠷ ᠢᠶᠠᠨ ᠡᠶᠢᠮᠦ ᠰᠠᠶᠢᠨ ᠰᠠᠶᠢᠬᠠᠨ ᠬᠤᠷᠣᠮᠬᠠᠨ ᠵᠠᠭᠤᠷ᠎ᠠ ᠶᠢ ᠣᠯᠵᠤ ᠬᠠᠷᠠᠬᠤ ᠶᠢ ᠪᠤᠳᠤᠵᠤ ᠥᠩᠭᠡᠷᠡᠭᠰᠡᠨ | ᠥᠬᠡᠶ᠃ ᠤᠤᠯ ᠳᠤ ᠪᠠᠨ ᠠᠵᠢᠯ ᠳᠤ ᠪᠠᠨ ᠶᠠᠭᠠᠷᠠᠤ ᠰᠠᠨᠳᠤᠷᠤᠤ ᠪᠠᠶᠢᠵᠤ᠂ ᠠᠮᠢᠳᠤᠷᠠᠯ ᠳᠠᠩᠳᠠ ᠳᠠᠩ ᠴᠤᠯᠭᠤᠢ ᠪᠠᠷ | ᠳᠠᠪᠲᠠᠭᠳᠠᠳᠠᠭ᠃ ᠵᠠᠯᠠᠭᠤᠴᠤᠳ ᠤᠨ ᠣᠷᠣᠶ ᠶᠢᠨ ᠰᠤᠷᠭᠠᠭᠤᠯᠢ ᠳᠤ ᠤᠷᠤᠭᠰᠠᠨ ᠠᠴᠠ ᠨᠠᠰᠢ᠂ ᠵᠠᠮ ᠳᠡᠭᠡᠷᠡᠬᠢ | ᠦᠳᠡᠰᠢ ᠶᠢᠨ ᠨᠠᠷᠠ᠂ ᠬᠠᠮᠲᠤ ᠠᠵᠢᠯᠯᠠᠭᠴᠢ ᠶᠢᠨ ᠠᠩᠬᠠᠷᠤᠯ ᠢᠶᠠᠨ ᠲᠥᠪᠯᠡᠷᠡᠭᠦᠯᠦᠨ ᠠᠵᠢᠯᠯᠠᠬᠤ ᠬᠠᠵᠠᠭᠤ ᠨᠢᠭᠤᠷ᠂ | ᠬᠦᠷᠢᠶᠡᠨ ᠳᠣᠲᠣᠷ᠎ᠠ ᠳᠡᠯᠭᠡᠷᠡᠭᠰᠡᠨ ᠴᠡᠴᠡᠭ ᠤᠳ᠂ ᠡᠲᠡᠭᠡᠷ ᠡᠬᠡᠯ ᠵᠢᠷ ᠤᠨ ᠬᠡᠷᠡᠭ ᠶᠠᠪᠤᠳᠠᠯ ᠨᠢ ᠴᠥᠮ ᠡᠶᠢᠮᠦ | ᠠᠮᠢᠳᠤᠯᠢᠭ ᠰᠣᠨᠢᠷᠬᠠᠯᠲᠠᠶ ᠪᠣᠯᠵᠣ ᠬᠤᠪᠢᠷᠬᠠᠰᠠᠨ ᠢ ᠣᠯᠵᠤ ᠬᠠᠷᠠᠵᠠᠶ 》 ᠬᠡᠯᠡᠪᠡ᠃ | 《 ᠠᠵᠤ ᠠᠬᠤᠶᠢᠯᠠᠯ ᠲᠠᠢ ᠨᠡᠪᠲᠡᠷᠡᠯᠴᠡᠨ ᠵᠣᠬᠢᠴᠠᠭᠤᠯᠬᠤ ᠶᠠᠪᠤᠴᠠ ᠳᠤ᠂ ᠪᠢᠳᠡ ᠠᠵᠤ ᠠᠬᠤᠶᠢᠯᠠᠯ ᠤᠨ | ᠠᠵᠢᠯᠲᠠᠨ ᠤ ᠦᠰᠦᠨ ᠪᠤᠶᠢᠵᠢᠯᠲᠠ ᠪᠠ ᠰᠣᠶᠣᠯ ᠤᠨ ᠪᠠᠶᠢᠭᠤᠯᠤᠯᠲᠠ ᠶᠢ ᠴᠢᠬᠤᠯᠠᠴᠢᠯᠠᠵᠤ ᠪᠠᠶᠢᠬᠤ ᠶᠢ ᠭᠦᠨᠵᠡᠭᠡᠶ | ᠣᠶᠢᠯᠠᠭᠠᠵᠠᠶ 》᠂ ᠡᠪᠯᠡᠯ ᠤᠨ ᠲᠣᠭᠤᠷᠢᠭ ᠤᠨ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂《 ᠠᠵᠢᠯᠲᠠᠨ ᠨᠠᠷ ᠬᠡᠷᠡᠯ ᠵᠢᠷᠤᠭ ᠰᠤᠷᠬᠤ ᠶᠠᠪᠤᠴᠠ ᠳᠤ ᠳᠦᠭᠦᠷᠡᠩ ᠣᠯᠤᠯᠲᠠ ᠲᠠᠢ | ᠪᠠᠶᠢᠬᠤ ᠶᠢ ᠣᠯᠵᠤ ᠬᠠᠷᠠᠯ᠎ᠠ᠂ ᠲᠡᠷᠡ ᠬᠦ ᠠᠮᠵᠢᠯᠲᠠ ᠶᠢᠨ ᠲᠥᠷᠥᠭᠳᠡᠯ ᠢ ᠦᠭᠡ ᠬᠡᠯᠡ ᠪᠠᠷ ᠵᠦᠢᠷᠯᠡᠬᠦ ᠶᠢᠨ ᠠᠷᠭ᠎ᠠ | ᠥᠬᠡᠶ ᠶᠤᠮ᠂ ᠡᠨᠡ ᠨᠢ ᠶᠠᠭ ᠪᠢᠳᠡᠨ ᠤ ᠰᠥᠨᠢ ᠶᠢᠨ ᠰᠤᠷᠭᠠᠭᠤᠯᠢ ᠶᠢ ᠠᠵᠤ ᠠᠬᠤᠶᠢᠯᠠᠯ ᠳᠤ ᠬᠦᠷᠭᠡᠬᠦ ᠶᠢᠨ ᠤᠳᠬ᠎ᠠ | ᠠᠭᠤᠯᠭ᠎ᠠ ᠶᠢᠨ ᠰᠢᠯᠲᠠᠭᠠᠨ ᠪᠣᠯᠤᠨ᠎ᠠ 》ᠭᠡᠵᠡᠶ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠵᠠᠯᠠᠭᠤᠴᠤᠳ ᠤᠨ ᠪᠣᠳᠠᠲᠠᠢ | ᠬᠡᠷᠡᠭᠴᠡᠭᠡ ᠶᠢ ᠦᠨᠳᠦᠰᠦᠯᠡᠨ᠂ ᠳᠠᠶᠢᠴᠢᠯᠠᠨ ᠳᠠᠭᠠᠭᠤᠯᠬᠤ ᠴᠢᠨᠠᠷ ᠢᠶᠠᠷ ᠴᠢᠩᠭ᠎ᠠ᠂ ᠬᠦᠷ ᠬᠥᠭᠵᠢᠶᠡᠨᠲᠡᠢ ᠰᠥᠨᠢ ᠶᠢᠨ | ᠰᠤᠷᠭᠠᠭᠤᠯᠢ ᠶᠢᠨ《ᠰᠤᠷᠤᠯᠴᠠᠯᠭ᠎ᠠ ᠶᠢᠨ ᠢᠵᠢ ᠦᠢᠯᠡᠴᠢᠯᠡᠭᠡ》 ᠶᠢ ᠦᠷᠭᠦᠯᠵᠢᠯᠡᠨ ᠭᠠᠷᠭᠠᠵᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠠᠵᠢᠯ ᠢ ᠪᠦᠲᠦᠮᠵᠢᠲᠡᠢ ᠤᠷᠲᠤᠳᠬᠠᠵᠤ᠂ ᠵᠠᠯᠠᠭᠤᠴᠤᠳ ᠲᠤ ᠦᠢᠯᠡᠴᠢᠯᠡᠬᠦ ᠲᠣᠣᠷ ᠢ | ᠨᠢᠭᠲᠠ ᠰᠦᠯᠵᠢᠵᠦ᠂ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ《 ᠴᠠᠬᠢᠯᠭᠠᠨ ᠴᠡᠨᠡᠭᠯᠡᠵᠦ | ᠴᠢᠳᠠᠪᠤᠷᠢ ᠨᠡᠮᠡᠷᠢᠯᠡᠵᠦ 》᠂ ᠵᠠᠯᠠᠭᠤᠴᠤᠳ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ᠂ ᠡᠷᠳᠡᠮ ᠴᠢᠳᠠᠪᠤᠷᠢ ᠪᠠᠨ | ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦ ᠨᠡᠮᠡᠷᠢᠯᠡᠨ᠎ᠡ᠃ | | | | | | | | |