ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠪᠠ
ᠨᠡᠶᠢᠲᠡᠯᠡᠭᠰᠡᠨ ᠴᠠᠭ᠄
2025/4/16
    ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15  ᠤ ᠡᠳᠦᠷ᠂ ᠵᠢᠤ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠲᠣᠪᠴᠢᠶ᠎ᠠ ᠶᠢᠨ ᠰᠠᠭᠤᠷᠢ ᠮᠥᠩᠭᠦ ᠶᠢᠨ ᠲᠠᠰᠤᠭ ᠬᠢᠭᠡᠳ ᠬᠥᠳᠡᠯᠮᠦᠷᠢ ᠶᠢᠨ ᠬᠠᠷᠢᠴᠠᠭᠠᠨ ᠤ ᠲᠠᠰᠤᠭ ᠤᠨ ᠠᠵᠢᠯᠲᠠᠨ ᠥᠪᠥᠷ ᠮᠣᠩᠭᠤᠯ ᠤᠨ ᠭᠤᠸᠠᠩ ᠸᠧᠶ ᠨᠡᠭᠦᠷᠡᠰᠦᠲᠥ᠋ᠷᠥᠭᠴᠢ ᠰᠢᠷᠬᠡᠭ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠠᠭᠠᠳᠯᠠᠨ ᠲᠣᠭᠲᠠᠭᠠᠬᠤ ᠠᠵᠢᠯ ᠳᠤᠮᠳᠠ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠶᠠᠭ ᠰᠢᠢᠳᠪᠦᠷᠢᠯᠡᠵᠦ ᠪᠠᠶᠢᠭ᠎ᠠ ᠠᠵᠢᠯ ᠠᠴᠠ ᠪᠣᠯᠤᠭᠰᠠᠨ ᠭᠡᠮᠲᠦᠯ ᠤᠨ ᠬᠡᠷᠡᠭ ᠲᠤ ᠪᠥᠬᠦ ᠶᠠᠪᠤᠴᠠ ᠶᠢᠨ ᠲᠤᠬᠠᠶ ᠶᠢᠨ ᠲᠠᠯᠠᠪᠠᠶ ᠳᠤ ᠬᠢᠨᠠᠯᠲᠠ ᠲᠠᠯᠪᠢᠪᠠ᠃
11.jpg
    ᠰᠢᠮᠳᠠᠭᠤᠯᠤᠨ ᠪᠠᠶᠢᠴᠠᠭᠠᠬᠤ ᠳᠤᠮᠳᠠ《 ᠳᠥᠷᠪᠡ ᠶᠢ ᠪᠠᠶᠢᠴᠠᠭᠠᠵᠤ ᠳᠥᠷᠪᠡ ᠶᠢ ᠬᠢᠨᠠᠬᠤ 》ᠠᠵᠢᠯ ᠤᠨ ᠲᠣᠭᠲᠠᠴᠠ ᠪᠠᠷ ᠳᠠᠮᠵᠢᠭᠤᠯᠤᠨ ᠰᠢᠭᠢᠳᠬᠡᠯᠳᠦ ᠮᠠᠶ᠋ᠢᠭ ᠤᠨ ᠬᠢᠨᠠᠯᠲᠠ ᠲᠠᠯᠪᠢᠯᠲᠠ ᠶᠢ ᠥᠷᠨᠢᠭᠦᠯᠦᠨ᠎ᠡ : ᠨᠢᠭᠡ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠬᠢᠨᠠᠨ ᠰᠢᠯᠭᠠᠵᠤ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠪᠡᠶ᠎ᠡ ᠬᠡᠮ ᠤᠨ ᠮᠡᠳᠡᠭᠡ ᠵᠠᠩᠭᠢ᠂ ᠬᠥᠳᠡᠯᠮᠦᠷᠢ ᠶᠢᠨ ᠭᠡᠷ᠎ᠡ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠲᠡᠮᠳᠡᠭᠯᠡᠯ ᠵᠡᠷᠭᠡ ᠰᠠᠭᠤᠷᠢ ᠴᠢᠬᠤᠯᠠ ᠨᠥᠬᠦᠴᠡᠯ ᠢ ᠬᠢᠨᠠᠨ ᠰᠢᠯᠭᠠᠵᠤ ᠪᠠᠶᠢᠴᠠᠭᠠᠨ᠎ᠠ︔ ᠬᠤᠶᠠᠷ ᠭᠡᠷᠡᠴᠢ ᠪᠠᠷᠢᠮᠲᠠ ᠶᠢᠨ ᠬᠡᠯᠬᠢᠶᠡᠨ ᠤ ᠪᠦᠷᠢᠨ ᠪᠦᠲᠦᠨ ᠴᠢᠨᠠᠷ ᠢ ᠪᠠᠶᠢᠴᠠᠭᠠᠵᠤ᠂ ᠠᠳᠡᠯ ᠤᠨ ᠲᠤᠬᠠᠶ ᠶᠢᠨ ᠲᠠᠯᠠᠪᠠᠶ ᠶᠢᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠂ ᠠᠵᠢᠯ ᠳᠤ ᠭᠠᠷᠤᠭᠰᠠᠨ ᠲᠡᠮᠳᠡᠭᠯᠡᠯ ᠵᠡᠷᠭᠡ ᠪᠤᠰᠤᠳᠴᠢ ᠭᠡᠷᠡᠴᠢ ᠪᠠᠷᠢᠮᠲᠠ ᠶᠢ ᠰᠢᠯᠵᠢᠭᠦᠯᠦᠨ ᠠᠪᠴᠤ᠂ ᠪᠢᠴᠢᠭ ᠤᠨ ᠮᠠᠲ᠋ᠧᠷᠢᠶᠠᠯ ᠲᠠᠢ ᠰᠣᠯᠪᠢᠴᠠᠭᠤᠯᠤᠨ ᠰᠢᠯᠭᠠᠨ ᠪᠠᠲᠤᠯᠠᠨ᠎ᠠ︔ ᠭᠤᠷᠪᠠ ᠪᠠᠶᠢᠴᠠᠭᠠᠯᠲᠠ ᠬᠢᠬᠦ ᠲᠠᠰ ᠳᠠᠷᠠᠭᠠᠯᠠᠯ ᠨᠢ ᠵᠢᠷᠤᠮᠵᠢᠯ ᠲᠠᠢ᠂ ᠲᠤᠬᠠᠶ ᠶᠢᠨ ᠲᠠᠯᠠᠪᠠᠶ ᠶᠢᠨ ᠬᠢᠨᠠᠯᠲᠠ ᠲᠠᠯᠪᠢᠭᠴᠢ ᠠᠴᠠ 3 ᠵᠠᠩᠭᠢᠯᠠᠭ᠎ᠠ ᠶᠢᠨ ᠭᠡᠷᠡᠴᠢᠯᠡᠭᠴᠢ ᠠᠴᠠ ᠠᠰᠠᠭᠤᠨ ᠯᠠᠪᠯᠠᠵᠤ ᠭᠡᠷᠡᠴᠢ ᠠᠪᠬᠤ ᠪᠥᠬᠦ ᠶᠠᠪᠤᠴᠠ ᠳᠤ ᠲᠡᠮᠳᠡᠭᠯᠡᠯ ᠬᠢᠬᠦ᠂ ᠭᠠᠷ ᠤᠨ ᠥᠰᠥᠭ ᠵᠢᠷᠤᠵᠤ ᠨᠤᠲᠠᠯᠠᠬᠤ ᠵᠡᠷᠭᠡ ᠭᠤᠭᠴᠤᠭ᠎ᠠ ᠨᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠳᠤ ᠨᠡᠶᠢᠴᠡᠬᠦ ᠶᠢ ᠦᠨᠡᠨ ᠬᠦ ᠪᠠᠲᠤᠯᠠᠪᠠ︔ ᠳᠥᠷᠪᠡ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠣᠨᠣᠪᠴᠢᠲᠤ ᠴᠢᠨᠠᠷ ᠢ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭᠠᠲᠠᠨ ᠵᠢᠴᠢ ᠠᠩᠭᠢ ᠳᠤᠭᠤᠶᠢᠯᠠᠩ ᠤᠨ ᠳᠠᠷᠤᠭ᠎ᠠ ᠲᠠᠢ ᠪᠣᠯᠵᠣᠨ ᠶᠠᠷᠢᠯᠴᠠᠵᠤ᠂ ᠠᠵᠢᠯ ᠤᠨ ᠪᠠᠶᠢᠷᠢ ᠶᠢᠨ ᠠᠵᠢᠯᠯᠠᠬᠤ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠨ᠎ᠠ᠃ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠨᠢ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠲᠣᠭᠲᠠᠭᠠᠯ᠂ ᠦᠨᠡᠮᠰᠢᠬᠦ ᠴᠤᠪᠤᠷᠠᠯ ᠤᠨ ᠵᠢᠷᠤᠮᠵᠢᠯ ᠳᠤ ᠨᠡᠶᠢᠴᠡᠨ᠎ᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠵᠤ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠬᠠᠮᠢᠶᠠᠷᠤᠯᠲᠠ ᠶᠢᠨ ᠳᠤᠲᠠᠭᠳᠠᠯ ᠢ ᠨᠥᠬᠦᠪᠥᠷᠢᠯᠡᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号