ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠠᠭ᠎ᠠ ᠶᠢ ᠦᠨᠡᠨ ᠬᠦ | ᠥᠷᠭᠡᠳᠬᠡᠵᠦ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠠᠮᠵᠢᠯᠲᠠ ᠲᠠᠢ ᠲᠤᠷᠰᠢᠯᠭ᠎ᠠ ᠪᠠ ᠲᠡᠷᠢᠭᠦᠨ ᠤ ᠠᠷᠭ᠎ᠠ ᠬᠢᠳᠡᠯ ᠢ | ᠰᠤᠷᠤᠯᠴᠠᠨ ᠲᠣᠯᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ | ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ | 11 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠶᠠᠷᠬᠤᠳᠳᠤᠭ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠲᠣᠭᠤᠷᠢᠭ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠪᠠᠶᠠᠨᠨᠠᠭᠤᠷ ᠬᠤᠲᠠ ᠳᠤ ᠬᠦᠷᠴᠦ᠂ ᠣᠯᠠᠨ ᠤᠯᠤᠰ ᠤᠨ | ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠪᠠ ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠰᠤᠷᠤᠯᠴᠠᠬᠤ | ᠠᠵᠢᠯᠯᠠᠭ᠎ᠠ ᠥᠷᠨᠢᠭᠦᠯᠵᠦ᠂ ᠥᠨᠳᠥᠷ ᠪᠦᠲᠦᠮᠵᠢᠲᠡᠶ ᠠᠮᠢ ᠠᠬᠤᠶ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ | ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠲᠣᠰ ᠭᠠᠵᠠᠷ ᠤᠨ ᠠᠵᠤ ᠦᠢᠯᠡᠰ ᠤᠨ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦ ᠬᠤᠷᠠᠮᠳᠤᠭᠤᠯᠪᠠ᠃ | ᠪᠠᠶᠠᠨᠨᠠᠭᠤᠷ ᠬᠤᠲᠠ ᠶᠢᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠤᠨ ᠲᠦᠮᠡᠨ | ᠮᠥ ᠣᠲᠣ ᠦᠶ᠎ᠡ ᠶᠢᠨ ᠵᠢᠮᠢᠰ ᠢᠳᠡᠰᠢᠨ ᠨᠣᠭᠤᠭ᠎ᠠ ᠶᠢᠨ ᠴᠢᠬᠢ ᠮᠣᠳᠣ ᠪᠤᠶᠢᠵᠢᠭᠤᠯᠬᠤ ᠰᠠᠭᠤᠷᠢᠨ ᠳᠤ᠂ | ᠲᠥᠯᠥᠭᠡᠯᠡᠭᠴᠢᠳ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ ᠣᠶᠤᠨᠴᠢ ᠲᠠᠷᠢᠶᠠᠯᠠᠩ ᠤᠨ ᠲᠠᠯᠠᠪᠠᠶ ᠶᠢᠨ | ᠲᠡᠷᠢᠭᠦᠨ ᠤ ᠠᠵᠢᠯᠯᠠᠭᠠᠨ ᠤ ᠵᠠᠭᠪᠤᠷ ᠢ ᠨᠠᠷᠢᠨ ᠬᠢᠨᠠᠮᠠᠭᠠᠶ ᠰᠣᠨᠣᠰᠴᠤ᠂ ᠣᠲᠣ ᠦᠶ᠎ᠡ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠮᠢᠰ ᠢᠳᠡᠰᠢᠨ ᠨᠣᠭᠤᠭ᠎ᠠ ᠶᠢᠨ ᠴᠢᠬᠢ ᠮᠣᠳᠣ ᠪᠤᠶᠢᠵᠢᠭᠤᠯᠬᠤ ᠳᠤᠮᠳᠠᠬᠢ | ᠥᠷᠭᠡᠨ ᠬᠡᠷᠡᠭᠯᠡᠭᠡ ᠶᠢ ᠭᠦᠨᠵᠡᠭᠡᠶ ᠣᠶᠢᠯᠠᠭᠠᠪᠠ᠃ ᠲᠣᠰ ᠰᠠᠭᠤᠷᠢᠨ ᠭᠠᠵᠠᠷ ᠨᠢ ᠲᠡᠷᠢᠭᠦᠨ ᠤ ᠣᠶᠤᠨᠴᠢ | ᠲᠠᠷᠢᠶᠠᠯᠠᠩ ᠤᠨ ᠰᠢᠰᠲ᠋ᠧᠮ ᠳᠤ ᠲᠦᠰᠢᠭᠯᠡᠨ᠂ ᠨᠠᠷᠢᠯᠢᠭ ᠤᠨᠤᠪᠴᠢᠲᠠᠢ ᠪᠠᠷ ᠤᠰᠤᠯᠠᠬᠤ᠂ ᠳᠤᠯᠠᠭᠠᠨ ᠤ ᠬᠡᠮᠵᠢᠶ᠎ᠡ ᠶᠢ | ᠬᠢᠵᠠᠭᠠᠷᠯᠠᠬᠤ ᠪᠠ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠠᠦ᠋ᠲ᠋ᠣᠴᠢᠯᠠᠯᠲᠠ ᠪᠠ | ᠤᠶᠤᠨᠴᠢᠯᠠᠯᠲᠠ ᠶᠢ ᠪᠡᠶᠡᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠥᠨᠳᠥᠷ ᠪᠦᠲᠦᠮᠵᠢᠲᠡᠶ ᠪᠠ | ᠤᠶᠤᠨᠴᠢᠯᠠᠯᠲᠠ ᠶᠢᠨ ᠬᠢᠷᠢ ᠲᠦᠪᠰᠢᠨ ᠢ ᠭᠦᠢᠴᠡᠳ ᠢᠯᠡᠷᠡᠭᠦᠯᠵᠦ᠂ ᠤᠯᠠᠮᠵᠢᠯᠠᠯᠲᠤ ᠲᠠᠷᠢᠶᠠᠯᠠᠩ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠳᠤ ᠠᠮᠢᠳᠤᠯᠢᠭ ᠵᠢᠱᠢᠶ᠎ᠡ ᠬᠠᠩᠭᠠᠭᠰᠠᠨ ᠪᠠᠶᠢᠨ᠎ᠠ᠃ | | | | ᠳᠠᠷᠠᠭ᠎ᠠ ᠨᠢ᠂ ᠲᠥᠯᠥᠭᠡᠯᠡᠭᠴᠢᠳ ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠠᠷᠢᠭᠤᠴᠠᠯᠭᠠᠲᠠᠨ ᠤ ᠠᠵᠤ ᠠᠬᠤᠶᠢᠯᠠᠯ ᠤᠨ | ᠬᠥᠭᠵᠢᠯᠲᠡ ᠶᠢᠨ ᠶᠠᠪᠤᠴᠠ᠂ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠨᠡᠷᠡᠳᠦ ᠲᠡᠮᠳᠡᠭᠵᠢᠭᠰᠡᠨ ᠰᠡᠳᠬᠢᠬᠦᠶ ᠶᠢᠨ | ᠲᠤᠬᠠᠶ ᠨᠠᠷᠢᠨ ᠦᠭᠦᠯᠡᠯᠲᠡ ᠶᠢ ᠨᠠᠷᠢᠨ ᠰᠣᠨᠣᠰᠴᠤ᠂ ᠤᠯᠠᠮᠵᠢᠯᠠᠯᠲᠤ ᠦᠬᠡᠷ ᠬᠤᠨᠢᠨ ᠲᠣᠰᠣ ᠶᠢ ᠡᠳ᠋ᠰᠢᠭᠦᠯᠦᠨ | ᠪᠣᠯᠪᠠᠰᠤᠷᠠᠭᠤᠯᠬᠤ ᠠᠴᠠ ᠥᠨᠳᠥᠷ ᠪᠦᠲᠦᠮᠵᠢᠲᠡᠶ᠂ ᠠᠮᠤᠷ ᠲᠦᠪᠰᠢᠨ ᠪᠠ ᠣᠯᠠᠨ ᠡᠰᠢᠵᠢᠭᠰᠡᠨ ᠣᠲᠣ ᠦᠶ᠎ᠡ ᠶᠢᠨ | ᠦᠢᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠮᠵᠢᠯᠲᠠᠲᠠᠶ ᠦᠢᠯᠡᠳᠦᠯᠭᠡ ᠶᠢ ᠲᠤᠬᠠᠶ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠪᠡᠶᠡᠴᠢᠯᠡᠨ ᠣᠶᠢᠯᠠᠭᠠᠪᠠ᠃ ᠲᠣᠰ ᠺᠣᠮᠫᠠᠨᠢ ᠨᠢ ᠦᠷᠭᠦᠯᠵᠢᠯᠡᠨ | ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠳᠤ ᠲᠦᠰᠢᠭᠯᠡᠨ᠂ | ᠦᠢᠯᠡᠳᠬᠦᠨ ᠤ ᠨᠡᠮᠡᠯᠲᠡ ᠥᠷᠲᠡᠭ ᠢ ᠢᠯᠡᠳᠲᠡ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠤᠬᠠᠶ ᠶᠢᠨ | ᠭᠠᠵᠠᠷ ᠤᠨ ᠠᠯᠠᠰᠢᠨ ᠬᠤᠨᠢᠨ ᠤ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠷᠭ᠎ᠠ ᠵᠠᠮ ᠨᠡᠭᠡᠭᠡᠵᠦ | ᠥᠭᠴᠡᠶ᠃ | ᠲᠣᠰ ᠤᠳᠠᠭᠠᠨ ᠤ ᠪᠠᠶᠢᠴᠠᠭᠠᠨ ᠰᠤᠷᠤᠯᠴᠠᠭᠰᠠᠨ ᠦᠷ᠎ᠡ ᠪᠦᠲᠦᠭᠡᠯ ᠡᠯᠪᠡᠭ ᠪᠠᠶᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠡᠷᠬᠢᠮ ᠨᠠᠨᠳᠢᠨ ᠲᠤᠷᠰᠢᠯᠭ᠎ᠠ ᠰᠤᠷᠭᠠᠮᠵᠢ ᠶᠢ | ᠠᠪᠴᠢᠷᠠᠵᠤ᠂ ᠢᠯᠠᠩᠭᠤᠶ᠎ᠠ ᠣᠲᠣ ᠦᠶ᠎ᠡ ᠶᠢᠨ ᠲᠠᠷᠢᠶᠠᠯᠠᠩ ᠪᠠ ᠣᠨᠴᠠᠯᠢᠭᠲᠤ ᠢᠳᠡᠭᠡᠨ ᠢ ᠪᠣᠯᠪᠠᠰᠤᠷᠠᠭᠤᠯᠬᠤ | ᠬᠦᠷᠢᠶᠡᠨ ᠳᠠᠬᠢ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢᠨ ᠲᠠᠯ᠎ᠠ ᠪᠠᠷ᠃ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠵᠦ᠂ ᠭᠦᠨᠵᠡᠭᠡᠢ ᠰᠣᠯᠢᠯᠴᠠᠨ ᠰᠤᠷᠤᠯᠴᠠᠬᠤ ᠪᠠᠷ ᠲᠠᠮᠵᠢᠨ᠂ ᠲᠥᠯᠥᠭᠡᠯᠡᠭᠴᠢᠳ ᠲᠤᠰ | ᠭᠠᠵᠠᠷ ᠤᠨ ᠢᠶᠠᠨ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠶᠢ ᠡᠭᠦᠳᠬᠦ ᠬᠥᠭᠵᠢᠯᠲᠡ ᠶᠢ ᠬᠡᠷᠬᠢᠨ ᠠᠬᠢᠭᠤᠯᠬᠤ | ᠲᠤᠬᠠᠢ ᠨᠡᠩ ᠭᠦᠨᠵᠡᠭᠡᠢ ᠪᠣᠳᠣᠯᠬᠢᠯᠠᠯ ᠪᠠ ᠰᠡᠩᠬᠡᠷᠡᠭᠦᠯᠦᠯ ᠲᠠᠢ ᠪᠣᠯᠵᠠᠢ᠃ | ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠬᠤᠶᠠᠷᠬᠤᠳᠳᠤᠭ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠣᠰ ᠤᠳᠠᠭᠠᠨ ᠤ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠲᠠᠢ ᠨᠢᠭᠲᠠ | ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠵᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ | ᠲᠠᠷᠢᠶᠠᠴᠢᠨ ᠢ ᠬᠥᠮᠦᠵᠢᠭᠦᠯᠬᠦ ᠶᠢ ᠨᠠᠩ ᠴᠢᠬᠤᠯᠠᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ | ᠴᠢᠳᠠᠪᠤᠷᠢ ᠶᠢ ᠨᠢ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠳᠤ | ᠨᠠᠩ ᠰᠠᠶᠢᠲᠤᠷ ᠵᠣᠬᠢᠴᠠᠭᠤᠯᠬᠤ ᠪᠣᠯᠤᠨ᠎ᠠ᠃ ᠲᠥᠯᠥᠭᠡᠯᠡᠭᠴᠢᠳ᠂ ᠲᠣᠰ ᠤᠳᠠᠭᠠᠨ ᠤ ᠰᠢᠨᠵᠢᠯᠡᠨ ᠪᠠᠶᠢᠴᠠᠭᠠᠭᠰᠠᠨ | ᠦᠷ᠎ᠡ ᠪᠦᠲᠦᠭᠡᠯ ᠢ ᠦᠳᠲᠡᠷ ᠲᠦᠷᠭᠡᠨ ᠪᠣᠳᠠᠲᠤ ᠠᠵᠢᠯᠯᠠᠭ᠎ᠠ ᠪᠠ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ | ᠬᠤᠪᠢᠷᠠᠭᠤᠯᠵᠤ᠂ ᠪᠠᠯᠭᠠᠰᠤ ᠲᠣᠰᠬᠤᠨ ᠤ ᠬᠥᠭᠵᠢᠯᠲᠡ ᠶᠢᠨ ᠰᠠᠭᠤᠷᠢ ᠳᠤ ᠰᠠᠭᠤᠷᠢᠯᠠᠨ᠂ ᠤᠨᠴᠠᠯᠢᠭᠲᠤ ᠲᠠᠷᠢᠮᠠᠯ ᠤᠨ | ᠦᠢᠯᠡᠰ ᠪᠠ ᠲᠡᠵᠢᠭᠡᠨ ᠦᠷᠡᠵᠢᠭᠦᠯᠬᠦ ᠦᠢᠯᠡᠰ ᠤᠨ ᠠᠵᠤ ᠦᠢᠯᠡᠰ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ | ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠵᠡᠭᠡᠪᠡ᠃ | | | | | | |