2025 ᠣᠨ ᠤ 4 ᠰᠠᠷ᠎ᠠ ᠶᠢᠨ 8 ᠤ ᠡᠳᠦᠷ ᠠᠴᠠ 4 ᠰᠠᠷ᠎ᠠ ᠶᠢᠨ 9 ᠤ ᠡᠳᠦᠷ ᠪᠣᠯᠲᠠᠯ᠎ᠠ᠂ ᠵᠢᠤ ᠶᠤᠸᠠᠨ | ᠲᠣᠭᠤᠷᠢᠭ ᠤᠨ 2025 ᠣᠨ ᠤ ᠳᠡᠭᠡᠷ᠎ᠡ ᠬᠠᠭᠠᠰ ᠵᠢᠯ ᠤᠨ ᠨᠢᠭᠡᠳᠦᠭᠡᠷ ᠪᠦᠯᠦᠭ ᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠲᠤᠬᠠᠶ ᠶᠢᠨ ᠲᠠᠯᠠᠪᠠᠶ ᠶᠢᠨ ᠨᠤᠲᠠᠯᠠᠬᠤ | ᠠᠵᠢᠯ ᠢ ᠵᠢᠤ ᠶᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ G ᠲᠣᠭᠤᠷᠢᠭ ᠲᠤ ᠡᠮᠬᠢ | ᠵᠢᠷᠤᠮ ᠲᠠᠢ ᠥᠷᠨᠢᠭᠦᠯᠵᠦ᠂ ᠲᠤᠭᠤᠷᠢᠭ ᠤᠨ ᠤᠯᠤᠰ ᠲᠥᠷᠥ ᠲᠤᠭ᠎ᠠ ᠪᠠᠷᠢᠮᠲᠠ ᠶᠢᠨ ᠲᠣᠪᠴᠢᠶ᠎ᠠ᠂ ᠲᠤᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ《 ᠨᠢᠭᠡ ᠯᠠ ᠦᠷᠲᠡᠭᠡᠨ ᠤ ᠮᠠᠶ᠋ᠢᠭ 》 ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠵᠤ᠂ ᠵᠢᠤ ᠶᠤᠸᠠᠨ ᠲᠣᠭᠤᠷᠢᠭ ᠤᠨ ᠪᠠᠭᠰᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ | ᠳᠥᠯᠭᠢᠨ ᠠᠬᠢᠭᠤᠯᠪᠠ᠃ | | | | ᠲᠤᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠲᠡᠷᠡ ᠳᠠᠷᠤᠢ ᠳᠤᠨᠢ ᠵᠢᠤ ᠶᠤᠸᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠳᠡᠭᠡᠷ᠎ᠡ ᠪᠠᠭᠰᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ᠠᠯᠪᠠᠨ ᠵᠠᠷᠯᠠᠯ ᠢ ᠨᠡᠶᠢᠲᠡᠯᠡᠵᠦ᠂ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠡᠪᠴᠢᠶ᠎ᠡ᠂ | ᠮᠠᠭᠠᠳᠯᠠᠨ ᠲᠣᠭᠲᠠᠭᠠᠬᠤ ᠨᠥᠬᠦᠴᠡᠯ᠂ ᠨᠡᠷ᠎ᠡ ᠮᠡᠳᠡᠭᠦᠯᠬᠦ ᠶᠠᠪᠤᠴᠠ᠂ ᠴᠠᠭ ᠤᠨ ᠲᠤᠬᠢᠷᠠᠭᠤᠯᠤᠯᠳᠠ ᠵᠢᠴᠢ ᠨᠤᠲᠠᠯᠠᠨ | ᠲᠣᠭᠲᠠᠭᠠᠬᠤ ᠮᠠᠲ᠋ᠧᠷᠢᠶᠠᠯ ᠵᠡᠷᠭᠡ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠵᠦ᠂ ᠪᠠᠭᠰᠢ ᠶᠢᠨ ᠬᠢᠷᠢ | ᠬᠡᠮ ᠢ ᠮᠠᠭᠠᠳᠯᠠᠨ ᠲᠣᠭᠲᠠᠭᠠᠬᠤ ᠬᠥᠮᠦᠰ ᠲᠤ ᠳᠥᠭᠦᠮ ᠳᠥᠲᠡ ᠮᠡᠳᠡᠭᠳᠡᠬᠦ ᠦᠢᠯᠡᠴᠢᠯᠡᠭᠡ ᠬᠠᠩᠭᠠᠵᠤ᠂ ᠠᠯᠢ | ᠴᠢᠳᠠᠬᠤ ᠪᠠᠷ ᠤᠯᠠᠨ ᠤᠳᠠᠭ᠎ᠠ ᠭᠦᠶᠦᠬᠦ ᠠᠴᠠ ᠵᠠᠶᠢᠯᠠᠰᠬᠢᠵᠦ᠂《 ᠶᠡᠬᠡᠳᠡᠬᠦ ᠳᠡᠭᠡᠨ ᠨᠢᠭᠡ ᠯᠡ ᠤᠳᠠᠭ᠎ᠠ | ᠭᠦᠶᠦᠬᠦ 》ᠦᠢᠯᠡᠴᠢᠯᠡᠭᠡᠨ ᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃ | | | | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ ᠶᠢ | ᠪᠠᠲᠤᠯᠠᠬᠤ ᠶᠢᠨ ᠲᠥᠯᠥᠭᠡ᠂ ᠲᠣᠭᠤᠷᠢᠭ ᠤᠨ ᠤᠯᠤᠰ ᠲᠥᠷᠥ ᠶᠢᠨ ᠲᠤᠭ᠎ᠠ ᠪᠠᠷᠢᠮᠲᠠ ᠶᠢᠨ ᠲᠣᠪᠴᠢᠶ᠎ᠠ᠂ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠤ ᠶᠤᠸᠠᠨ | ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ G ᠲᠣᠭᠤᠷᠢᠭ ᠲᠤ《 ᠪᠠᠭᠰᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠬᠤ 》ᠲᠤᠰᠬᠠᠶ ᠴᠣᠩᠬᠤ ᠨᠡᠭᠡᠭᠡᠵᠦ᠂ ᠪᠠᠭᠰᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ᠲᠠᠢ ᠬᠠᠮᠢᠶ᠎ᠠ ᠪᠥᠬᠦᠶ ᠬᠡᠷᠡᠭ ᠶᠠᠪᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠬᠢᠷᠢ ᠬᠡᠮ ᠢ ᠮᠠᠭᠠᠳᠯᠠᠨ | ᠲᠣᠭᠲᠠᠭᠠᠬᠤ ᠠᠵᠢᠯᠲᠠᠨ ᠵᠥᠪᠬᠡᠨ ᠨᠢᠭᠡ ᠴᠣᠩᠬᠤᠪᠴᠢ ᠳᠤ ᠣᠴᠢᠪᠠᠯ ᠳᠠᠷᠤᠶ ᠲᠤᠬᠠᠶᠢᠯᠠᠭᠰᠠᠨ ᠠᠵᠢᠯ ᠢ | ᠭᠦᠢᠴᠡᠳᠬᠡᠵᠦ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠶᠡᠭᠡ | ᠲᠢᠩᠬᠢᠮ ᠳᠤ ᠢᠷᠡᠵᠦ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠭᠠᠷ ᠭᠦᠢᠴᠡᠳᠬᠡᠯ ᠬᠢᠭᠰᠡᠨ ᠸᠠᠩ | ᠠᠪᠠᠭ᠋ᠠᠶ :《 ᠪᠢ ᠤᠷᠢᠳ ᠢᠶᠠᠷ ᠰᠦᠯᠵᠢᠶᠡᠨ ᠳᠡᠭᠡᠷ᠎ᠡ ᠨᠡᠶᠢᠲᠡᠯᠡᠭᠰᠡᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ | ᠪᠡᠯᠡᠳᠬᠡᠵᠦ᠂ ᠢᠷᠡᠭᠡᠳ 5 ᠮᠢᠨᠦ᠋ᠲ ᠪᠣᠯᠪᠠᠯ ᠳᠠᠷᠤᠶ ᠬᠢᠵᠦ ᠳᠠᠭᠤᠰᠬᠠᠨ᠎ᠠ᠂ ᠣᠲᠣ ᠶᠢᠨ ᠡᠨᠡ ᠠᠵᠢᠯ ᠤᠨ ᠦᠷ᠎ᠡ | ᠪᠦᠲᠦᠮᠵᠢ ᠦᠨᠡᠬᠡᠷ ᠥᠨᠳᠥᠷ ᠪᠠᠶᠢᠨ᠎ᠠ ︕ 》 ᠭᠡᠵᠡᠢ᠃ ᠲᠤᠬᠠᠶ ᠶᠢᠨ ᠲᠠᠯᠠᠪᠤᠷ ᠲᠤ ᠨᠤᠲᠠᠯᠠᠬᠤ ᠠᠵᠢᠯ | ᠳᠠᠭᠤᠰᠲᠠᠯ᠎ᠠ᠂ ᠨᠡᠶᠢᠲᠡ 70 ᠭᠤᠶᠤᠴᠢᠯᠠᠭᠴᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ | ᠪᠡᠶᠡᠯᠡᠭᠦᠯᠦᠭᠰᠡᠨ ᠪᠥᠭᠡᠳ ᠬᠢᠷᠢ ᠬᠡᠮ ᠢ ᠮᠠᠭᠠᠳᠯᠠᠨ ᠲᠣᠭᠲᠠᠭᠠᠬᠤ ᠬᠦᠮᠦᠰ ᠲᠤ ᠦᠨ᠎ᠡ ᠲᠥᠯᠥᠪᠦᠷᠢ ᠥᠬᠡᠶ ᠪᠠᠷ | 74 ᠬᠤᠪᠢ ᠪᠠᠭᠤᠯᠭᠠᠪᠦᠷᠢ ᠬᠠᠩᠭᠠᠵᠤ ᠥᠭᠴᠡᠶ᠃ | ᠲᠠᠷᠠᠭᠠᠴᠢ ᠪᠠᠷ᠂ ᠲᠤᠭᠤᠷᠢᠭ ᠤᠨ ᠤᠯᠤᠰ ᠲᠥᠷᠥ ᠶᠢᠨ ᠲᠤᠭ᠎ᠠ ᠪᠠᠷᠢᠮᠲᠠ ᠶᠢᠨ ᠲᠣᠪᠴᠢᠶ᠎ᠠ《 ᠬᠢᠵᠠᠭᠠᠷ ᠥᠬᠡᠶ | ᠦᠢᠯᠡᠴᠢᠯᠡᠭᠡ᠂ ᠣᠯᠠᠨ ᠲᠦᠮᠡᠨ ᠳᠤ ᠬᠠᠨᠤᠮᠵᠢᠲᠠᠶ ᠪᠠᠶᠢᠬᠤ 》ᠦᠢᠯᠡᠴᠢᠯᠡᠭᠡᠨ ᠤ ᠵᠣᠷᠢᠯᠲᠠ ᠶᠢ ᠦᠷᠭᠦᠯᠵᠢᠯᠡᠨ | ᠪᠠᠷᠢᠮᠲᠠᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠴᠢᠯᠡᠭᠡᠨ ᠤ | ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠴᠤᠪᠤᠷᠠᠯ ᠢᠶᠠᠷ | ᠬᠠᠮᠤᠭ ᠤᠨ ᠲᠥᠬᠦᠮ᠂ ᠦᠷ᠎ᠡ ᠪᠦᠲᠦᠮᠵᠢ ᠪᠠᠷ ᠬᠠᠮᠤᠭ ᠤᠨ ᠰᠢᠯᠢᠳᠡᠭ᠂ ᠦᠢᠯᠡᠴᠢᠯᠡᠭᠡ ᠪᠠᠷ ᠬᠠᠮᠤᠭ ᠤᠨ ᠰᠠᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠬᠦᠴᠦᠯᠡᠨ ᠪᠠᠶᠢᠭᠤᠯᠤᠨ᠎ᠠ᠃ | | | | | | | | |