4 ᠰᠠᠷ᠎ᠠ ᠶᠢᠨ 15 ᠤ ᠡᠳᠦᠷ᠂ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠨ | ᠵᠢᠯᠣᠭᠤᠳᠬᠤ ᠳᠤᠭᠤᠶᠢᠯᠠᠩ ᠮᠠᠨ ᠤ ᠪᠠᠯᠭᠠᠰᠤᠨ ᠳᠤ ᠬᠦᠷᠴᠦ ᠭᠠᠵᠠᠷ ᠰᠢᠷᠣᠶ ᠶᠢᠨ ᠳᠠᠭᠠᠭᠤᠯᠢ ᠣᠳᠣᠨ ᠤ | ᠵᠢᠷᠤᠭ ᠢᠶᠠᠷ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠬᠢᠨᠠᠨ ᠪᠠᠶᠢᠴᠠᠭᠠᠪᠠ᠃ ᠪᠠᠯᠭᠠᠰᠤᠨ | ᠳᠠᠷᠤᠭ᠎ᠠ ᠲᠠᠩ ᠹᠸᠢ ᠪᠠᠷ᠎ᠠ ᠪᠣᠯᠵᠣ ᠣᠷᠣᠯᠴᠠᠵᠠᠶ᠃ | | | | | ᠬᠢᠨᠠᠨ ᠵᠢᠯᠣᠭᠤᠳᠬᠤ ᠳᠤᠭᠤᠶᠢᠯᠠᠩ ᠠᠴᠠ ᠮᠠᠨ ᠤ ᠪᠠᠯᠭᠠᠰᠤᠨ ᠤ 2024 ᠣᠨ ᠤ ᠭᠠᠵᠠᠷ ᠰᠢᠷᠣᠶ ᠶᠢᠨ | ᠳᠠᠭᠠᠭᠤᠯᠢ ᠣᠳᠣᠨ ᠤ ᠵᠢᠷᠤᠭ ᠢᠶᠠᠷ ᠬᠠᠤᠯᠢ ᠬᠡᠷᠡᠭᠵᠢᠭᠦᠯᠦᠭᠰᠡᠨ ᠢ ᠴᠡᠭᠴᠡᠯᠡᠨ ᠰᠠᠶᠢᠵᠢᠷᠠᠭᠤᠯᠬᠤ ᠠᠵᠢᠯ᠂ ᠬᠡᠰᠡᠭ | ᠠᠰᠠᠭᠤᠳᠠᠯ ᠤᠨ ᠵᠢᠷᠤᠭ ᠲᠤ ᠭᠠᠳᠠᠷ ᠦᠢᠯᠡᠰ ᠤᠨ ᠬᠢᠨᠠᠨ ᠪᠠᠶᠢᠴᠠᠭᠠᠯᠲᠠ ᠪᠠ ᠲᠤᠬᠠᠶ ᠶᠢᠨ ᠲᠠᠯᠠᠪᠠᠶ ᠶᠢᠨ | ᠵᠢᠯᠣᠭᠤᠳᠣᠯᠭ᠎ᠠ ᠬᠢᠵᠦ᠂ ᠪᠠᠯᠭᠠᠰᠤᠨ ᠤ ᠵᠠᠰᠠᠭ ᠤᠨ ᠣᠷᠳᠣᠨ ᠢ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ | ᠨᠢᠭᠡ ᠳᠤ᠂ ᠡᠴᠦᠰ ᠲᠤᠨᠢ ᠲᠤᠯᠲᠠᠯ᠎ᠠ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠩᠭᠡᠨ ᠲᠠᠯ᠎ᠠ | ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠬᠤᠷᠢᠭᠯᠠᠬᠤ ᠪᠠ ᠨᠡᠪᠲᠡᠷᠡᠭᠦᠯᠬᠦ ᠶᠢ ᠤᠶᠠᠯᠳᠤᠭᠤᠯᠬᠤ ᠬᠡᠷᠡᠭᠲᠡᠢ︔ | ᠬᠤᠶᠠᠷ ᠲᠤ《 ᠪᠦᠬᠦᠨ ᠢ ᠬᠠᠮᠤᠷᠬᠤ᠂ ᠥᠴᠦᠬᠡᠨ ᠴᠦ ᠠᠭᠤᠴᠢᠯᠠᠬᠤ ᠥᠬᠡᠶ ᠪᠠᠶᠢᠬᠤ᠂ ᠬᠠᠤᠯᠢ ᠶᠢ ᠴᠢᠩᠭ᠎ᠠ | ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ 》 ᠶᠢ ᠪᠡᠶᠡᠯᠡᠭᠦᠯᠬᠦ ᠬᠡᠷᠡᠭᠲᠡᠶ︔ ᠭᠤᠷᠪᠠ ᠳᠤ᠂ | ᠢᠯᠡᠷᠡᠭᠦᠯᠬᠦ ᠶᠢ ᠡᠬᠢᠨ ᠳᠤᠨᠢ ᠬᠢᠵᠦ᠂ ᠴᠤᠬᠤᠶᠢᠵᠤ ᠪᠠᠶᠢᠬᠤ ᠳᠤᠨᠢ ᠰᠢᠢᠳᠪᠦᠷᠢᠯᠡᠵᠦ᠂ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ | ᠲᠣᠰ ᠤᠳᠠᠭᠠᠨ ᠤ ᠬᠢᠨᠠᠨ ᠵᠢᠯᠣᠭᠤᠳᠬᠤ ᠠᠵᠢᠯ ᠨᠢ ᠮᠠᠨ ᠤ ᠪᠠᠯᠭᠠᠰᠤᠨ ᠤ ᠲᠠᠷᠠᠭᠠᠴᠢ ᠶᠢᠨ ᠱᠠᠲᠤᠨ ᠤ ᠭᠠᠵᠠᠷ | ᠰᠢᠷᠣᠶ ᠶᠢᠨ ᠳᠠᠭᠠᠭᠤᠯᠢ ᠣᠳᠣᠨ ᠤ ᠵᠢᠷᠤᠭ ᠢᠶᠠᠷ ᠬᠠᠤᠯᠢ ᠬᠡᠷᠡᠭᠵᠢᠭᠦᠯᠬᠦ ᠠᠵᠢᠯ ᠤᠨ ᠴᠢᠭᠯᠡᠯ ᠢ ᠲᠣᠳᠣᠷᠬᠠᠶ ᠵᠢᠭᠠᠵᠤ᠂ | ᠳᠠᠷᠠᠭ᠎ᠠ ᠪᠠᠷ ᠬᠢᠨᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠ ᠰᠠᠨᠠᠭᠤᠯᠭ᠎ᠠ ᠶᠢ ᠴᠢᠩᠭ᠎ᠠ | ᠵᠢᠷᠤᠮᠯᠠᠨ᠂ ᠳᠤᠲᠠᠭᠲᠠᠯ ᠢᠶᠠᠨ ᠨᠥᠬᠦᠪᠥᠷᠢᠯᠡᠵᠦ᠂ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠶᠠᠰᠤ | ᠴᠢᠨᠠᠷ ᠢᠶᠠᠨ ᠳᠡᠭᠡᠭᠰᠢᠯᠡᠭᠦᠯᠵᠦ᠂ ᠡᠨᠡ ᠵᠢᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ | ᠡᠯ᠎ᠡ ᠵᠦᠢᠯ ᠤᠨ ᠡᠭᠦᠷᠭᠡ ᠶᠢ ᠢᠳᠡᠪᠬᠢᠲᠡᠶ ᠪᠡᠶᠡᠯᠡᠭᠦᠯᠬᠦ ᠪᠣᠯᠤᠨ᠎ᠠ᠃ | | | | | | |