ᠮᠠᠯᠴᠢᠨ ᠲᠠᠷᠢᠶᠠᠴᠢᠨ ᠤ ᠬᠡᠪ ᠴᠢᠨᠠᠷ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠣᠯᠪᠠᠰᠤᠷᠠᠯ  ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/17
    ᠵᠢᠤ ᠶᠤᠸᠠᠨ ᠲᠣᠭᠤᠷᠢᠭ ᠤᠨ ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠠᠬᠢᠭᠤᠯᠵᠤ᠂ ᠮᠠᠯᠴᠢᠨ ᠲᠠᠷᠢᠶᠠᠴᠢᠨ ᠤ ᠳᠠᠷᠢᠵᠤ ᠲᠡᠵᠢᠭᠡᠬᠦ ᠮᠡᠷᠭᠡᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠭᠰᠡᠨ ᠠᠴᠠ ᠨᠠᠰᠢ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠪᠥᠬᠦ ᠲᠤᠭᠤᠷᠢᠭ ᠤᠨ 3 ᠰᠢᠶᠠᠩ ᠪᠠᠯᠭᠠᠰᠤ 7 ᠵᠠᠰᠠᠭ ᠵᠠᠬᠢᠷᠭᠠᠨ ᠤ ᠲᠣᠰᠬᠤᠨ ᠳᠤ 7 ᠬᠤᠭᠤᠴᠠᠭᠠᠨ ᠤ ᠮᠠᠯᠴᠢᠨ ᠲᠠᠷᠢᠶᠠᠴᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ 400 ᠭᠠᠷᠤᠶ ᠮᠠᠯᠴᠢᠨ ᠲᠠᠷᠢᠶᠠᠴᠢᠨ ᠪᠣᠯᠪᠠᠰᠤᠷᠠᠯ ᠳᠤ ᠣᠷᠣᠯᠴᠠᠪᠠ᠃
11.jpg
    ᠪᠤᠯᠪᠠᠰᠤᠷᠠᠯ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠪᠠᠷ ᠭᠤᠤᠯ ᠪᠣᠯᠭᠠᠨ᠂ ᠲᠦᠬᠦᠭᠡᠷᠦᠮᠵᠢᠲᠦ ᠢᠳᠡᠰᠢᠨ ᠨᠣᠭᠤᠭ᠎ᠠ ᠳᠠᠷᠢᠬᠤ ᠮᠡᠷᠭᠡᠵᠢᠯ᠂ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠷᠭᠡᠵᠢᠯ᠂ ᠲᠠᠷᠢᠮᠠᠯ ᠳᠠᠷᠢᠬᠤ ᠮᠡᠷᠭᠡᠵᠢᠯ ᠵᠢᠴᠢ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠦᠷ᠎ᠡ ᠴᠢᠬᠢ ᠶᠢ ᠰᠢᠨᠵᠢᠯᠡᠬᠦ ᠤᠬᠠᠭᠠᠨᠴᠢ ᠪᠠᠷ ᠬᠤᠳᠠᠯᠳᠤᠨ ᠠᠪᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠠᠶᠢᠯᠤᠮᠵᠢ ᠬᠢᠬᠦ ᠶᠢᠨ ᠬᠠᠮᠲᠤ᠂ ᠡᠨᠡ ᠵᠢᠯ ᠤᠨ ᠲᠠᠷᠢᠮᠠᠯ ᠤᠨ ᠦᠢᠯᠡᠰ ᠤᠨ ᠭᠤᠤᠯ ᠳᠡᠯᠭᠡᠷᠡᠭᠦᠯᠬᠦ ᠮᠡᠷᠭᠡᠵᠢᠯ᠂ ᠭᠤᠤᠯ ᠳᠡᠯᠭᠡᠷᠡᠭᠦᠯᠬᠦ ᠲᠥᠷᠥᠯ ᠵᠦᠢᠯ ᠢ ᠲᠠᠨᠢᠯᠴᠠᠭᠤᠯᠤᠨ᠎ᠠ᠃ ᠪᠣᠯᠪᠠᠰᠤᠷᠠᠯ ᠨᠢ《 ᠬᠢᠴᠢᠶᠡᠯ ᠢ ᠲᠣᠰᠬᠤᠨ ᠳᠤ ᠬᠦᠷᠭᠡᠵᠦ᠂ ᠮᠡᠷᠭᠡᠵᠢᠯ ᠢ ᠬᠥᠮᠦᠨ ᠳᠤ ᠬᠦᠷᠭᠡᠬᠦ 》 ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠠᠮ ᠣᠯᠠᠨ ᠮᠠᠯᠴᠢᠨ ᠲᠠᠷᠢᠶᠠᠴᠢᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠪᠣᠯᠪᠠᠰᠤᠷᠠᠯ ᠳᠤ ᠣᠷᠣᠯᠴᠠᠭᠤᠯᠵᠤ᠂ ᠬᠡᠷ ᠤᠨ ᠡᠭᠦᠳᠡᠨ ᠳᠤᠨᠢ ᠰᠢᠨ᠎ᠡ ᠮᠡᠳᠡᠯᠭᠡ ᠪᠠ ᠬᠡᠷᠡᠭᠯᠡᠭᠡᠨ ᠤ ᠮᠡᠷᠭᠡᠵᠢᠯ ᠢ ᠣᠯᠵᠤ ᠰᠤᠷᠬᠤ ᠪᠤᠯᠪᠠ᠃    ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠠᠰᠤᠭ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠤ ᠠᠯᠢ ᠣᠯᠠᠨ ᠬᠡᠪ ᠴᠢᠨᠠᠷ ᠤᠨ ᠪᠣᠯᠪᠠᠰᠤᠷᠠᠯ ᠤᠨ ᠬᠢᠴᠢᠶᠡᠯ ᠨᠢ ᠲᠠᠷᠢᠶᠠᠯᠠᠩ ᠤᠨ ᠴᠠᠭ ᠤᠯᠠᠷᠢᠯ ᠪᠠ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂《 ᠣᠨᠣᠯ ᠤᠨ ᠬᠢᠴᠢᠶᠡᠯ ᠤᠨ ᠲᠠᠶᠢᠯᠤᠮᠵᠢ + ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠬᠤ 》ᠪᠣᠯᠪᠠᠰᠤᠷᠠᠯ ᠤᠨ ᠵᠠᠭᠪᠤᠷ ᠢ ᠠᠪᠴᠤ᠂ ᠲᠠᠷᠢᠶᠠᠴᠢᠳ ᠤᠨ ᠬᠡᠪ ᠴᠢᠨᠠᠷ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠶᠡᠷᠦᠩᠬᠡᠶᠢᠯᠡᠭᠰᠡᠨ ᠠᠵᠢᠯ ᠡᠷᠭᠢᠯᠡᠬᠦ ᠤᠷ᠎ᠠ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ ᠶᠤᠮ᠃ ᠲᠠᠷᠠᠭᠠᠴᠢ ᠪᠠᠷ᠂ ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠥᠷᠭᠡᠨ ᠣᠯᠠᠨ ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ ᠴᠢᠳᠠᠪᠤᠷᠢ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠠᠷᠢᠵᠤ ᠲᠡᠵᠢᠭᠡᠬᠦ ᠮᠡᠷᠭᠡᠵᠢᠯ ᠠᠴᠠ ᠠᠵᠤ ᠦᠢᠯᠡᠰ ᠢ ᠦᠷᠭᠦᠯᠵᠢᠯᠡᠨ ᠬᠥᠭᠵᠢᠭᠦᠯᠬᠦ ᠬᠦᠷᠲᠡᠯ᠎ᠡ᠂ ᠳᠠᠬᠢᠨ ᠰᠡᠳᠬᠢᠬᠦᠶ ᠶᠢᠨ ᠤᠶᠢᠯᠠᠭᠠᠭᠳᠠᠬᠤᠨ ᠤ ᠰᠢᠨ᠎ᠡ ᠡᠭᠦᠳᠦᠯᠲᠡ ᠬᠦᠷᠲᠡᠯ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠯᠭᠠᠭᠤᠷᠢ ᠬᠦᠴᠦᠨ ᠢ ᠲᠠᠰᠤᠷᠠᠯᠲᠠ ᠥᠬᠡᠶ ᠪᠤᠶᠢᠵᠢᠭᠤᠯᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号