2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠠᠬᠢ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠭᠦᠨᠵᠡᠭᠡᠢ ᠲᠤᠤᠱᠯᠠᠭᠤᠯᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢᠨ ᠲᠥᠯᠥᠭᠡ᠂ ᠪᠠᠶᠠᠨᠰᠢᠯᠢ ᠵᠡᠭᠡᠯᠢ ᠭᠤᠳᠤᠮᠵᠢ《 ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠤᠢ 》 ᠪᠠᠷ ᠭᠤᠣᠯ | ᠰᠡᠳᠦᠪ ᠪᠣᠯᠭᠠᠵᠤ᠂ ᠤᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠵᠡᠷᠭᠡᠪᠡᠷ ᠥᠷᠨᠢᠭᠦᠯᠬᠦ᠂ ᠬᠤᠶᠠᠷ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠢ ᠪᠦᠷᠢᠨ ᠪᠥᠷᠬᠦᠭᠦᠯᠬᠦ ᠶᠢ ᠬᠦᠴᠦᠯᠡᠨ ᠠᠬᠢᠭᠤᠯᠪᠠ᠃ ᠨᠢᠭᠡ ᠲᠠᠯ᠎ᠠ ᠪᠠᠷ᠂ ᠰᠦᠯᠵᠢᠶᠡᠨ | ᠳᠡᠭᠡᠷᠡᠬᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ | ᠳᠠᠮᠵᠢᠭᠤᠯᠤᠨ 7 ᠤᠬᠠᠭᠤᠯᠭ᠎ᠠ ᠶᠢᠨ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠵᠤ᠂ ᠵᠢᠷᠤᠭ ᠪᠢᠴᠢᠭ ᠬᠤᠤᠰᠯᠠᠭᠰᠠᠨ᠂ | ᠬᠢᠯᠪᠠᠷ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠥᠷᠭᠡᠨ ᠣᠯᠠᠨ ᠰᠠᠭᠤᠭᠠᠯᠢ ᠠᠷᠠᠳ ᠤᠨ ᠤᠩᠰᠢᠵᠤ | ᠬᠤᠪᠢᠶᠠᠯᠴᠠᠬᠤ ᠶᠢ ᠲᠠᠲᠠᠨ᠎ᠠ︔ ᠡᠭᠦᠨ ᠤ ᠬᠠᠮᠲᠤ᠂ ᠲᠣᠰᠬᠤᠨ ᠭᠡᠷ ᠬᠤᠷᠢᠶᠠᠯᠠᠯ ᠤᠨ ᠡᠯ᠎ᠡ ᠲᠦᠷᠦᠯ ᠤᠨ | ᠸᠢᠴᠠᠲ ᠤᠨ ᠬᠤᠯᠪᠣᠭ᠎ᠠ ᠶᠢ ᠠᠰᠢᠭᠯᠠᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠡᠳᠡᠭᠡ ᠵᠠᠩᠭᠢ ᠶᠢ 3 | ᠡᠭᠡᠯᠵᠢ ᠴᠠᠭ ᠲᠤᠬᠠᠢ ᠳᠤᠨᠢ ᠬᠦᠷᠭᠡᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠴᠠᠭ ᠲᠤᠬᠠᠢ ᠳᠤᠨᠢ | ᠬᠠᠮᠢᠭ᠎ᠠ ᠴᠤ ᠬᠦᠷᠭᠡᠵᠦ ᠳᠡᠶᠢᠯᠬᠦ ᠶᠢ ᠦᠨᠡᠨ ᠬᠦ ᠪᠠᠲᠤᠯᠠᠪᠠ᠃ ᠨᠥᠭᠦᠭᠡ ᠲᠠᠯ᠎ᠠ ᠪᠠᠷ᠂ ᠰᠦᠯᠵᠢᠶᠡᠨ ᠭᠠᠳᠠᠨᠠᠬᠢ | ᠤᠬᠠᠭᠤᠯᠭ᠎ᠠ ᠶᠢᠨ ᠠᠴᠢᠶᠠᠯᠠᠪᠤᠷᠢ ᠶᠢ ᠪᠠᠲᠤ ᠠᠳᠬᠤᠬᠤ ᠶᠢ ᠪᠠᠷᠢᠮᠲᠠᠯᠠᠵᠤ᠂ ᠠᠯᠪᠠᠯᠠᠬᠤ ᠭᠠᠵᠠᠷ ᠤᠨ ᠡᠯᠧᠺᠲᠷᠣᠨ | ᠳᠡᠯᠭᠡᠴᠡ ᠶᠢ ᠠᠰᠢᠭᠯᠠᠨ ᠤᠬᠠᠭᠤᠯᠭ᠎ᠠ ᠶᠢᠨ ᠸᠢᠳᠢᠣ᠋ ᠶᠢ ᠡᠷᠭᠢᠯᠳᠦᠭᠦᠯᠦᠨ ᠨᠡᠪᠲᠡᠷᠡᠭᠦᠯᠵᠦ᠂ ᠡᠯ᠎ᠡ ᠰᠠᠭᠤᠭᠠᠯᠢ | ᠠᠷᠠᠳ ᠤᠨ ᠣᠷᠣᠵᠤ ᠭᠠᠷᠬᠤ ᠭᠠᠵᠠᠷ᠂ ᠰᠠᠭᠤᠭᠠᠯᠢ ᠠᠷᠠᠳ ᠤᠨ ᠴᠤᠭᠯᠠᠷᠠᠬᠤ ᠭᠠᠵᠠᠷ᠂ ᠢᠯᠡ ᠨᠡᠶᠢᠲᠡᠯᠡᠬᠦ ᠪᠤᠯᠤᠩ | ᠵᠡᠷᠭᠡ ᠢᠯᠡᠷᠬᠡᠶ ᠭᠠᠵᠠᠷ ᠲᠤ ᠤᠬᠠᠭᠤᠯᠭ᠎ᠠ ᠶᠢᠨ ᠵᠠᠷᠯᠠᠯ ᠨᠠᠭᠠᠨ᠎ᠠ︔ ᠡᠭᠦᠨ ᠤ ᠬᠠᠮᠲᠤ᠂ ᠬᠠᠷᠢᠶ᠎ᠠ ᠣᠷᠣᠨ ᠤ ᠤᠯᠠᠨ | ᠲᠦᠮᠡᠨ ᠳᠤ ᠢᠳᠡᠪᠬᠢᠲᠡᠢ ᠭᠦᠨᠵᠡᠭᠡᠶᠢᠷᠡᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ | ᠣᠶᠢᠯᠠᠭᠠᠭᠳᠠᠬᠤᠨ ᠪᠠ ᠤᠯᠤᠰ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠨᠢᠭᠤᠷᠳᠠᠨ ᠤᠬᠠᠭᠤᠯᠤᠨ | ᠲᠠᠶᠢᠯᠪᠤᠷᠢᠯᠠᠵᠤ᠂ ᠰᠠᠭᠤᠭᠠᠯᠢ ᠤᠯᠠᠨ ᠲᠦᠮᠡᠨ ᠢ ᠬᠦᠳᠤᠯᠤᠨ ᠵᠢᠯᠣᠭᠤᠳᠴᠤ ᠪᠠᠶᠢᠭᠠᠳ ᠤᠯᠤᠰ ᠤᠨ ᠠᠮᠤᠷ | ᠲᠦᠪᠰᠢᠨ ᠤ ᠲᠤᠬᠠᠢ ᠵᠥᠪ ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠤᠬᠠᠮᠰᠠᠷᠲᠤ ᠴᠢᠨᠠᠷ ᠢ ᠨᠢ ᠳᠡᠭᠡᠭᠰᠢᠯᠡᠭᠦᠯᠦᠨ᠎ᠡ᠃ | ᠰᠢᠷᠢᠰ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ《ᠤᠯᠤᠰ ᠤᠨ ᠠᠮᠤᠷ | ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ》ᠥᠳᠬᠡᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠪᠠ᠃ ᠲᠠᠷᠠᠭᠠᠴᠢ ᠪᠠᠷ᠂ ᠪᠠᠶᠠᠨᠰᠢᠯᠢ ᠵᠡᠭᠡᠯᠢ ᠭᠤᠳᠤᠮᠵᠢ ᠤᠯᠤᠰ ᠤᠨ ᠶᠡᠷᠦᠩᠬᠡᠶ ᠠᠮᠤᠷ ᠲᠦᠪᠰᠢᠨ ᠤ | ᠦᠵᠡᠯᠲᠡ ᠶᠢ ᠦᠷᠭᠦᠯᠵᠢᠯᠡᠨ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠦᠨᠳᠦᠰᠦᠨ ᠱᠠᠲᠤᠨ ᠳᠤ | ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠬᠤ᠂ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠤᠳᠠᠭᠠᠨ ᠳᠠᠭᠠᠭᠠᠮᠠᠭᠠᠶ ᠬᠥᠳᠡᠯᠭᠡᠬᠦ | ᠬᠦᠴᠦᠨ ᠨᠡᠮᠡᠷᠢᠯᠡᠨ᠎ᠡ᠃ | | | | | | |