ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ 11 ᠤ | ᠡᠳᠦᠷ ᠠᠴᠠ ᠡᠬᠢᠯᠡᠨ ᠮᠠᠨ ᠤ ᠬᠤᠲᠠ ᠳᠤ ᠶᠡᠭᠡ ᠰᠠᠯᠬᠢ ᠡᠯᠡᠰᠦᠨ ᠰᠢᠭᠤᠷᠭ᠎ᠠ ᠶᠢᠨ ᠬᠦᠢᠳᠡᠨ ᠤᠷᠤᠰᠬᠠᠯ ᠤᠨ ᠴᠠᠭ | ᠠᠭᠤᠷ ᠤᠨ ᠶᠠᠪᠤᠴᠠ ᠪᠣᠶ᠂ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠶᠡᠭᠡ ᠰᠠᠯᠬᠢ ᠡᠯᠡᠰᠦᠨ | ᠰᠢᠭᠤᠷᠭ᠎ᠠ ᠶᠢᠨ ᠰᠡᠷᠡᠮᠵᠢᠯᠡᠭᠦᠯᠦᠯ ᠢ ᠠᠷᠭᠠᠴᠠᠬᠤ ᠶᠢᠨ ᠲᠥᠯᠥᠭᠡ᠂ ᠳᠠᠯᠠᠨ ᠪᠤᠯᠠᠭ ᠪᠠᠯᠭᠠᠰᠤ ᠦᠳᠲᠡᠷ ᠲᠦᠷᠭᠡᠨ | ᠴᠤᠤᠷᠢᠶᠠᠲᠤᠨ ᠳᠠᠭᠠᠵᠤ᠂ ᠪᠠᠯᠭᠠᠰᠤᠨ ᠤ ᠭᠤᠤᠯ ᠤᠳᠤᠷᠢᠳᠤᠯᠭ᠎ᠠ ᠪᠥᠬᠦ ᠪᠠᠯᠭᠠᠰᠤᠨ ᠤ ᠶᠡᠭᠡ ᠰᠠᠯᠬᠢ ᠡᠯᠡᠰᠦᠨ | ᠰᠢᠭᠤᠷᠭ᠎ᠠ ᠶᠢᠨ ᠴᠠᠭ ᠠᠭᠤᠷ ᠢ ᠠᠷᠭᠠᠴᠠᠬᠤ ᠠᠵᠢᠯ ᠢ ᠴᠠᠭ ᠲᠤᠬᠠᠶ ᠳᠤᠨᠢ ᠳᠣᠭᠢᠷᠠᠭᠤᠯᠤᠨ ᠪᠠᠶᠢᠷᠢᠯᠠᠭᠤᠯᠵᠤ᠂ ᠶᠡᠭᠡ | ᠰᠠᠯᠬᠢ ᠠᠴᠠ ᠪᠣᠯᠵᠣ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠨᠢᠭᠡ᠂ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠰᠡᠷᠭᠡᠶᠢᠯᠡᠨ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ | ᠪᠠᠶᠢᠷᠢᠯᠠᠭᠤᠯᠪᠠ | ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠶᠡᠭᠡ ᠰᠠᠯᠬᠢ ᠡᠯᠡᠰᠦᠨ ᠰᠢᠭᠤᠷᠭ᠎ᠠ ᠶᠢᠨ | ᠰᠡᠷᠡᠮᠵᠢᠯᠡᠭᠦᠯᠦᠯ ᠢ ᠠᠷᠭᠠᠴᠠᠬᠤ ᠶᠢᠨ ᠲᠥᠯᠥᠭᠡ᠂ ᠮᠠᠨ ᠤ ᠪᠠᠯᠭᠠᠰᠤ ᠬᠠᠮᠤᠭ ᠤᠨ ᠲᠡᠷᠢᠭᠦᠨ ᠳᠤ ᠡᠯ᠎ᠡ ᠲᠥᠷᠥᠯ ᠤᠨ | ᠲᠣᠰᠬᠤᠨ ᠤ ᠰᠠᠭᠤᠭᠠᠯᠢ ᠠᠷᠠᠳ ᠤᠨ ᠸᠢᠴᠠᠲ ᠤᠨ ᠴᠤᠭᠯᠠᠷᠠᠯ᠂ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠸᠢᠴᠠᠲ ᠤᠨ ᠴᠤᠭᠯᠠᠷᠠᠯ ᠵᠡᠷᠭᠡ ᠣᠯᠠᠨ ᠠᠷᠭ᠎ᠠ ᠵᠠᠮ ᠢᠶᠠᠷ《 ᠶᠡᠭᠡ ᠰᠠᠯᠬᠢ ᠡᠯᠡᠰᠦᠨ | ᠰᠢᠭᠤᠷᠭ᠎ᠠ ᠶᠢᠨ ᠴᠠᠭ ᠠᠭᠤᠷ ᠤᠨ ᠰᠡᠷᠭᠡᠶᠢᠯᠡᠯᠲᠡ ᠶᠢᠨ ᠰᠠᠨᠠᠭᠤᠯᠤᠮᠵᠢ 》᠂《 ᠶᠡᠭᠡ ᠰᠠᠯᠬᠢ ᠡᠯᠡᠰᠦᠨ | ᠰᠢᠭᠤᠷᠭ᠎ᠠ ᠲᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ 》ᠵᠡᠷᠭᠡ ᠶᠢ | ᠨᠡᠶᠢᠲᠡᠯᠡᠵᠦ᠂ ᠲᠣᠰᠬᠤᠨ ᠤ ᠰᠠᠭᠤᠭᠠᠯᠢ ᠠᠷᠠᠳ ᠲᠤ ᠬᠡᠷ ᠤᠨ ᠭᠠᠳᠠᠨᠠᠬᠢ ᠲᠥᠬᠦᠭᠡᠷᠦᠮᠵᠢ ᠪᠠᠨ ᠪᠠᠬᠢᠵᠢᠭᠦᠯᠵᠦ᠂ | ᠬᠡᠷ ᠤᠨ ᠭᠠᠳᠠᠨᠠᠬᠢ ᠠᠵᠢᠯᠯᠠᠭ᠎ᠠ ᠪᠠᠨ ᠪᠠᠭᠠᠰᠬᠠᠨ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠡᠷᠭᠡ ᠣᠨᠴᠠᠭᠠᠶ | ᠬᠥᠮᠦᠰ ᠢ ᠭᠤᠤᠯᠳᠠᠯᠭ᠎ᠠ ᠲᠠᠢ ᠠᠩᠬᠠᠷᠤᠨ᠎ᠠ᠃ ᠡᠭᠦᠨ ᠤ ᠬᠠᠮᠲᠤ᠂ ᠲᠣᠰᠬᠤᠨ ᠭᠡᠷ ᠬᠤᠷᠢᠶᠠᠯᠠᠯ ᠤᠨ ᠺᠠᠳ᠋ᠷ ᠢ | ᠵᠣᠬᠢᠶᠠᠨ ᠪᠠᠶᠢᠭᠤᠯᠵᠤ ᠡᠮᠦᠨ᠎ᠡ ᠹᠷᠣᠨᠲ ᠲᠤ ᠣᠴᠢᠭᠤᠯᠵᠤ᠂ ᠡᠯ᠎ᠡ ᠲᠣᠰᠬᠤᠨ ᠢ ᠵᠢᠯᠣᠭᠤᠳᠤᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠥᠷᠨᠢᠭᠦᠯᠵᠦ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠬᠤᠶᠠᠷ᠂ ᠭᠤᠣᠯᠳᠠᠯᠭ᠎ᠠ ᠪᠠᠨ ᠲᠣᠪᠤᠶᠢᠯᠭᠠᠨ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠠᠵᠢᠯ ᠢ ᠦᠷᠨᠢᠭᠦᠯᠪᠡ | ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠂ | ᠭᠠᠴᠠᠭ᠎ᠠ ᠲᠣᠰᠬᠤᠨ ᠭᠡᠷ ᠬᠤᠷᠢᠶᠠᠯᠠᠯ ᠵᠡᠷᠭᠡ ᠲᠠᠢ ᠬᠠᠮᠲᠤᠷᠠᠨ᠂ ᠬᠠᠷᠢᠶᠠᠲᠤ ᠣᠷᠣᠨ ᠤ ᠭᠤᠣᠯᠳᠠᠯᠭ᠎ᠠ ᠲᠠᠢ ᠬᠦᠷᠢᠶ᠎ᠡ | ᠬᠡᠪᠴᠢᠶᠡᠨ ᠳᠤ ᠨᠡᠶᠢᠳᠡᠮ ᠪᠠᠶᠢᠴᠠᠭᠠᠯᠲᠠ ᠥᠷᠨᠢᠭᠦᠯᠵᠦ᠂ ᠲᠡᠮᠦᠷ ᠵᠠᠮ ᠳᠠᠭᠠᠤ᠂ ᠭᠡᠷ ᠤᠨ ᠭᠠᠳᠠᠨᠠᠬᠢ ᠵᠠᠷ | ᠮᠡᠳᠡᠭᠡ ᠶᠢᠨ ᠫᠠᠶᠢᠰᠠ᠂ ᠲᠦᠷ ᠴᠠᠭ ᠤᠨ ᠪᠠᠷᠢᠯᠭ᠎ᠠ᠂ ᠴᠠᠬᠢᠯᠭᠠᠨ ᠬᠦᠴᠦᠨ ᠤ ᠴᠢᠮᠡᠭᠡ ᠨᠡᠪᠲᠡᠷᠡᠭᠦᠯᠭᠡ ᠶᠢᠨ ᠱᠤᠭᠤᠮ | ᠵᠡᠷᠭᠡ 30 ᠭᠠᠷᠤᠢ ᠭᠠᠵᠠᠷ ᠢ ᠭᠤᠣᠯᠳᠠᠯᠭ᠎ᠠ ᠲᠠᠢ ᠪᠠᠶᠢᠴᠠᠭᠠᠵᠤ᠂ ᠳᠠᠯᠳᠠ ᠭᠡᠮ ᠣᠷᠣᠰᠢᠵᠤ ᠪᠠᠶᠢᠭ᠎ᠠ ᠵᠠᠷ | ᠮᠡᠳᠡᠭᠡ ᠶᠢᠨ ᠫᠠᠶᠢᠰᠠ 2 ᠶᠢ ᠨᠤᠷᠠᠭᠠᠵᠤ᠂ ᠬᠦᠷᠢᠶᠡᠯᠡᠵᠦ ᠬᠠᠰᠢᠬᠤ ᠬᠠᠯᠬᠠᠪᠴᠢ 1 ᠶᠢ ᠪᠠᠬᠢᠯᠡᠨ᠂ ᠬᠠᠮᠢᠶ᠎ᠠ ᠪᠦᠬᠦᠢ | ᠪᠠᠶᠢᠭᠤᠯᠭ᠎ᠠ 1 ᠶᠢ ᠳᠡᠭᠡᠭᠰᠢ ᠮᠡᠳᠡᠭᠦᠯᠪᠡ︔ ᠵᠡᠭᠡᠯᠢ ᠳᠠᠭᠠᠤ 60 ᠬᠤᠳᠠᠯᠳᠤᠭ᠎ᠠ ᠡᠷᠦᠬᠡ ᠶᠢ ᠬᠠᠮᠵᠢᠨ ᠪᠠᠶᠢᠴᠠᠭᠠᠵᠤ᠂ | ᠡᠭᠦᠳᠡ ᠴᠣᠩᠬᠤ ᠪᠠᠨ ᠪᠠᠬᠢᠯᠡᠬᠦ᠂ ᠡᠳ᠋ ᠪᠣᠳᠠᠰ ᠡᠭᠡᠭᠦᠯᠦᠨ ᠬᠤᠷᠢᠶᠠᠬᠤ ᠵᠡᠷᠭᠡ ᠠᠷᠭ᠎ᠠ ᠬᠡᠮᠵᠢᠶ᠎ᠡ ᠶᠢ ᠱᠠᠭᠠᠷᠳᠠᠨ | ᠨᠠᠢᠳᠠᠪᠤᠷᠢᠵᠢᠭᠤᠯᠬᠤ᠂ ᠥᠨᠳᠥᠷ ᠣᠭᠲᠠᠷᠭᠤᠢ ᠠᠴᠠ ᠪᠣᠳᠠᠰ ᠤᠨᠠᠬᠤ ᠲᠦᠭᠰᠢᠭᠦᠷᠢ ᠶᠢ ᠬᠤᠷᠢᠭᠯᠠᠪᠠ᠃ | ᠣᠳᠣᠬᠠᠨ ᠳᠤ᠂ ᠣᠯᠵᠤ ᠮᠡᠳᠡᠭᠰᠡᠨ ᠪᠣᠶ ᠪᠥᠬᠦᠶ ᠳᠠᠯᠳᠠ ᠬᠡᠮ ᠢ ᠨᠢᠭᠡᠨᠲᠡ ᠴᠡᠭᠴᠡᠯᠡᠨ ᠵᠠᠰᠠᠵᠤ ᠳᠠᠭᠤᠰᠤᠭᠠᠳ᠂ | ᠶᠡᠭᠡ ᠰᠠᠯᠬᠢ ᠡᠯᠡᠰᠦᠨ ᠰᠢᠭᠤᠷᠭ᠎ᠠ ᠠᠴᠠ ᠪᠣᠯᠤᠭᠰᠠᠨ ᠠᠮᠤᠷ ᠲᠦᠪᠰᠢᠨ ᠤ ᠠᠳᠡᠯ ᠢ ᠲᠦᠷ ᠣᠯᠵᠤ ᠮᠡᠳᠡᠭᠡᠳᠦᠶ | ᠪᠠᠶᠢᠨ᠎ᠠ᠃ | ᠭᠤᠷᠪᠠ᠂ ᠢᠯᠡᠳᠲᠡ ᠦᠷ᠎ᠡ ᠪᠦᠲᠦᠮᠵᠢ ᠣᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠤᠭᠴᠠᠯᠠᠪᠠ | ᠲᠣᠰ ᠤᠳᠠᠭᠠᠨ ᠤ ᠰᠡᠷᠭᠡᠶᠢᠯᠡᠯᠲᠡ ᠶᠢᠨ ᠠᠵᠢᠯ ᠢᠶᠠᠷ ᠳᠡᠮᠵᠢᠨ᠂ ᠪᠥᠬᠦ ᠪᠠᠯᠭᠠᠰᠤ ᠪᠠᠷ ᠢᠶᠠᠨ ᠨᠡᠶᠢᠲᠡ 20 | ᠭᠠᠷᠤᠶ ᠬᠥᠮᠦᠨ ᠲᠣᠭᠤᠷᠢᠨ ᠪᠠᠶᠢᠴᠠᠭᠠᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ | | | | ᠲᠠᠷᠠᠭᠠᠴᠢ ᠪᠠᠷ ᠳᠠᠯᠠᠨ ᠪᠤᠯᠠᠭ ᠪᠠᠯᠭᠠᠰᠤ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠣᠯᠠᠨ ᠠᠷᠭ᠎ᠠ | ᠵᠠᠮ ᠢᠶᠠᠷ ᠮᠡᠳᠡᠭᠡ ᠵᠠᠩᠭᠢ ᠨᠡᠶᠢᠲᠡᠯᠡᠬᠦ ᠶᠢ ᠴᠠᠭ ᠲᠤᠬᠠᠶ ᠳᠤᠨᠢ ᠪᠠᠲᠤᠯᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠪᠦᠷᠢᠨ ᠪᠥᠷᠬᠦᠭᠦᠯᠬᠦ ᠶᠢ ᠦᠨᠡᠨ ᠬᠦ ᠪᠠᠲᠤᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠵᠤ᠂ ᠪᠠᠷᠢᠯᠭ᠎ᠠ ᠶᠢᠨ ᠭᠠᠵᠠᠷ᠂ ᠬᠡᠷ ᠤᠨ ᠭᠠᠳᠠᠨᠠᠬᠢ ᠵᠠᠷ ᠤᠨ ᠫᠠᠶᠢᠰᠠ᠂ ᠲᠦᠷ | ᠴᠠᠭ ᠤᠨ ᠪᠠᠷᠢᠯᠭ᠎ᠠ᠂ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠵᠡᠷᠭᠡ ᠣᠷᠣᠨ ᠪᠦᠰᠡ ᠶᠢ ᠲᠣᠭᠤᠷᠢᠨ | ᠪᠠᠶᠢᠴᠠᠭᠠᠬᠤ ᠪᠠᠨ ᠭᠤᠤᠯᠳᠠᠯᠭ᠎ᠠ ᠲᠠᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠴᠢᠩᠭ᠎ᠠ | ᠬᠡᠷᠡᠭᠵᠢᠭᠦᠯᠵᠦ᠂ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ | ᠪᠠᠶᠢᠳᠠᠯ ᠳᠤ ᠴᠠᠭ ᠲᠤᠬᠠᠶ ᠳᠤᠨᠢ ᠴᠤᠤᠷᠢᠶᠠᠲᠤᠨ ᠳᠠᠭᠠᠵᠤ᠂ ᠡᠨᠡ ᠤᠳᠠᠭᠠᠨ ᠤ ᠲᠦᠢᠯ ᠤᠨ ᠴᠠᠭ ᠠᠭᠤᠷ ᠤᠨ | ᠶᠠᠪᠤᠴᠠ ᠶᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠠᠷᠭᠠᠴᠠᠬᠤ ᠶᠢ ᠪᠠᠲᠤᠯᠠᠨ᠎ᠠ᠃ | | | | | | |