ᠲᠣᠰᠬᠤᠨ ᠭᠡᠷ ᠬᠤᠷᠢᠶᠠᠯᠠᠯ ᠬᠤᠣᠰᠯᠠᠨ ᠬᠦᠴᠦᠯᠡᠵᠦ᠂ ᠬᠠᠯᠠᠮᠵᠢ ᠲᠠᠢ ᠵᠢᠷᠤᠮ ᠤᠨ ᠡᠮᠴᠢᠯᠡᠭᠡ ᠡᠷᠡᠭᠦᠯ ᠮᠡᠨᠳᠦ ᠪᠠᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2025/4/18
    ᠲᠣᠰᠬᠤᠨ ᠭᠡᠷ ᠬᠤᠷᠢᠶᠠᠯᠠᠯ ᠤᠨ ᠨᠢᠭᠡᠳᠦᠯ ᠢ ᠬᠠᠮᠲᠤ ᠪᠠᠷ ᠠᠭᠤᠰᠤᠯᠴᠠᠭᠤᠯᠤᠨ ᠬᠠᠮᠲᠤ ᠪᠠᠷ ᠪᠠᠶᠢᠭᠤᠯᠬᠤ ᠶᠢ ᠠᠬᠢᠭᠤᠯᠵᠤ᠂《 ᠲᠣᠰᠬᠤᠨ ᠭᠡᠷ ᠬᠤᠷᠢᠶᠠᠯᠠᠯ ᠤᠨ ᠨᠢᠭᠡᠳᠦᠯ ᠢ ᠬᠠᠷᠢᠯᠴᠠᠨ ᠠᠬᠢᠭᠤᠯᠵᠤ᠂ ᠬᠤᠣᠰ ᠴᠢᠭᠯᠡᠯ ᠢᠶᠠᠷ ᠠᠰᠢᠭ ᠬᠦᠷᠳᠡᠵᠦ᠂ ᠬᠠᠮᠲᠤ ᠪᠠᠷ ᠳᠡᠭᠡᠭᠰᠢᠯᠡᠬᠦ 》ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠬᠤᠣᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 4 ᠰᠠᠷ᠎ᠠ ᠶᠢᠨ 14  ᠤ ᠦᠳᠡ ᠶᠢᠨ ᠡᠮᠦᠨ᠎ᠡ᠂ ᠰᠢᠩ ᠶᠤᠸᠠᠨ ᠭᠡᠷ ᠬᠤᠷᠢᠶᠠᠯᠠᠯ ᠪᠣᠯᠤᠨ ᠰᠢᠷ᠎ᠠ ᠨᠤᠷ᠎ᠠ ᠶᠢᠨ ᠭᠤᠤᠯ ᠤᠨ ᠬᠤᠶᠢᠲᠤ ᠲᠣᠰᠬᠤᠨ ᠲᠠᠢ ᠬᠤᠤᠰᠯᠠᠯ ᠢᠶᠠᠷ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
11.jpg
    ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠲᠤ ᠴᠢᠰᠤᠨ ᠰᠢᠬᠢᠷ ᠢ ᠬᠡᠮᠵᠢᠬᠦ᠂ ᠴᠢᠰᠤᠨ ᠳᠠᠷᠤᠯᠲᠠ ᠶᠢ ᠬᠡᠮᠵᠢᠬᠦ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠬᠠᠯᠠᠭᠤᠮᠰᠤᠭ ᠢᠶᠠᠷ ᠬᠠᠩᠭᠠᠵᠤ᠂ ᠲᠡᠳᠡᠨ ᠤ ᠬᠦᠴᠢᠷ ᠠᠰᠠᠭᠤᠳᠠᠯ ᠢ ᠬᠦᠯᠢᠴᠡᠩᠭᠦᠶ ᠪᠠᠷ ᠰᠢᠢᠳᠪᠦᠷᠢᠯᠡᠵᠦ ᠥᠭᠴᠡᠶ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠪᠠᠶᠢᠴᠠᠭᠠᠬᠤ ᠳᠤᠮᠳᠠ ᠳᠤᠷᠠᠳᠤᠭᠰᠠᠨ ᠡᠯ᠎ᠡ ᠲᠥᠷᠥᠯ ᠤᠨ ᠡᠷᠡᠭᠦᠯ ᠮᠡᠨᠳᠦ ᠶᠢᠨ ᠠᠰᠠᠭᠤᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠬᠠᠷᠢᠭᠤᠯᠲᠠ ᠪᠠ ᠰᠠᠨᠠᠭᠤᠯᠭ᠎ᠠ ᠦᠭᠪᠡ᠃ ᠨᠠᠰᠤᠲᠠᠶᠢᠴᠤᠳ ᠲᠤ ᠠᠪᠴᠤ ᠬᠡᠯᠡᠪᠡᠯ᠂ ᠡᠮᠴᠢ ᠨᠡᠷ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠷᠡᠭᠦᠯ ᠮᠡᠨᠳᠦ ᠶᠢᠨ ᠠᠰᠠᠭᠤᠳᠠᠯ ᠢ ᠣᠨᠴᠠᠭᠠᠶᠢᠯᠠᠨ ᠠᠩᠬᠠᠷᠴᠤ᠂ ᠰᠠᠭᠤᠭᠠᠯᠢ ᠠᠷᠠᠳ ᠨᠢᠭᠡᠪᠦᠷᠢ ᠶᠢᠨ ᠪᠡᠶ᠎ᠡ ᠶᠢᠨ ᠪᠠᠶᠢᠳᠠᠯ ᠢ ᠦᠨᠳᠦᠰᠦᠯᠡᠨ ᠨᠠᠷᠢᠨ ᠨᠢᠮᠪᠠᠶ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠲᠤ ᠦᠷᠭᠦᠯᠵᠢ ᠲᠣᠬᠢᠶᠠᠯᠳᠤᠳᠠᠭ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠢ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠴᠠᠶ᠃    ᠡᠨᠡ ᠤᠳᠠᠭᠠᠨ ᠤ ᠬᠤᠤᠰᠯᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠨᠢᠭᠤᠷᠲᠠᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ ᠪᠠᠰᠠ ᠲᠣᠰᠬᠤᠨ ᠭᠡᠷ ᠬᠤᠷᠢᠶᠠᠯᠠᠯ ᠤᠨ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠠᠶ᠃ ᠲᠠᠷᠠᠭᠠᠴᠢ ᠪᠠᠷ᠂ ᠰᠢᠩ ᠶᠤᠸᠠᠨ ᠭᠡᠷ ᠬᠤᠷᠢᠶᠠᠯᠠᠯ ᠪᠣᠯᠤᠨ ᠰᠢᠷ᠎ᠠ ᠨᠤᠷ᠎ᠠ ᠶᠢᠨ ᠭᠤᠤᠯ ᠤᠨ ᠬᠤᠶᠢᠲᠤ ᠲᠣᠰᠬᠤᠨ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠣᠰ ᠲᠣᠰ ᠤᠨ ᠳᠠᠪᠠᠭᠤᠯᠢᠭ ᠡᠬᠢ ᠪᠠᠶᠠᠯᠢᠭ ᠢᠶᠠᠨ ᠭᠦᠢᠴᠡᠳ ᠠᠰᠢᠭᠯᠠᠨ᠂ ᠬᠤᠤᠰᠯᠠᠨ ᠪᠠᠶᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠠᠲᠤᠯᠠᠵᠤ᠂《 ᠪᠠᠭ᠎ᠠ ᠬᠤᠤᠰᠯᠠᠨ ᠪᠠᠶᠢᠭᠤᠯᠬᠤ 》 ᠪᠠᠷ ᠲᠣᠰᠬᠤᠨ ᠭᠡᠷ ᠬᠤᠷᠢᠶᠠᠯᠠᠯ ᠤᠨ《 ᠶᠡᠭᠡ ᠬᠥᠭᠵᠢᠯᠲᠡ》 ᠶᠢ ᠠᠪᠴᠢᠷᠠᠵᠤ᠂ ᠬᠤᠶᠠᠷ ᠲᠠᠯ᠎ᠠ ᠶᠢᠨ ᠬᠤᠤᠰᠯᠠᠨ  ᠪᠠᠶᠢᠭᠤᠯᠬᠤ ᠨᠢ ᠪᠣᠳᠠᠲᠤ ᠦᠷ᠎ᠡ ᠪᠦᠲᠦᠮᠵᠢ ᠲᠠᠢ ᠪᠣᠯᠬᠤ᠂ ᠦᠷ᠎ᠡ ᠪᠦᠲᠦᠭᠡᠯ ᠲᠠᠢ ᠪᠠᠶᠢᠬᠤ ᠶᠢ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号