ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ《 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ 》 ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/18
    4 ᠰᠠᠷ᠎ᠠ ᠶᠢᠨ 15  ᠤ ᠡᠳᠦᠷ᠂ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠠᠰᠢᠷᠠᠮ ᠢᠶᠠᠷ᠂ ᠵᠢᠦ ᠶᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠵᠢᠴᠢ ᠵᠢᠦ ᠶᠤᠸᠠᠨ ᠤ ᠸᠠᠨ ᠳ᠋ᠠ ᠲᠠᠯᠠᠪᠠᠢ ᠳᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠬᠡᠯᠪᠡᠷᠢ᠂ ᠤᠯᠠᠨ ᠲᠠᠯᠠᠪᠤᠷ ᠤᠨ ᠤᠬᠠᠭᠤᠯᠭ᠎ᠠ ᠬᠥᠮᠦᠵᠢᠯ ᠢᠶᠠᠷ ᠳᠠᠮᠵᠢᠨ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃
11.jpg
    ᠠᠵᠢᠯᠯᠠᠭ᠎ᠠ ᠨᠢ《 ᠪᠦᠬᠦ ᠠᠷᠠᠳ ᠢᠶᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠢ ᠠᠩᠬᠠᠷᠴᠤ᠂ ᠰᠡᠳᠬᠢᠯ ᠨᠢᠭᠡᠳᠦᠨ ᠠᠮᠤᠷ ᠲᠦᠪᠰᠢᠨ ᠤ ᠤᠷᠳᠤ ᠴᠠᠭᠠᠨ ᠬᠡᠷᠡᠮ ᠢ ᠪᠠᠲᠤ ᠴᠣᠭᠴᠠᠯᠠᠶ᠎ᠠ 》 ᠪᠠᠷ ᠭᠤᠣᠯ ᠰᠡᠳᠦᠪ ᠪᠣᠯᠭᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠡᠢ᠃ ᠵᠠᠰᠠᠭ ᠤᠨ ᠣᠷᠳᠣᠨ ᠤ ᠶᠡᠭᠡ ᠲᠢᠩᠬᠢᠮ ᠳᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠭᠤᠤᠯ ᠰᠡᠳᠦᠪᠲᠦ ᠦᠵᠡᠭᠦᠯᠦᠯᠭᠡ ᠶᠢᠨ ᠰᠠᠮᠪᠠᠷ᠎ᠠ ᠪᠠᠶᠢᠷᠢᠯᠠᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠭᠤᠯᠭ᠎ᠠ ᠶᠢᠨ ᠺᠠᠳ᠋ᠷᠴᠤᠳ ᠲᠤ《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠲᠦᠪᠰᠢᠨ ᠤ ᠬᠠᠤᠯᠢ 》《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ 》ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠠᠯᠪᠠᠨ ᠲᠤᠰᠢᠶᠠᠯᠲᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠨ᠎ᠠ᠃ ᠵᠢᠦ ᠶᠤᠸᠠᠨ ᠤ ᠸᠠᠨ ᠳ᠋ᠠ ᠲᠠᠯᠠᠪᠠᠢ ᠳᠤ᠂ ᠬᠤᠳᠠ ᠶᠢᠨ ᠠᠷᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠶᠢ ᠠᠪᠬᠤ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠵᠡᠷᠭᠡ ᠬᠡᠯᠪᠡᠷᠢ ᠪᠠᠷ ᠳᠠᠮᠵᠢᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠵᠤ᠂《 ᠢᠯᠭᠠᠨ ᠲᠠᠨᠢᠵᠤᠴᠢᠳᠠᠬᠤ᠂ ᠠᠷᠭᠠᠴᠠᠭᠠᠵᠤ ᠴᠢᠳᠠᠬᠤ 》ᠰᠡᠷᠭᠡᠶᠢᠯᠡᠬᠦ ᠤᠷ᠎ᠠ ᠴᠢᠳᠠᠪᠤᠷᠢ ᠶᠢ ᠡᠵᠡᠮᠰᠢᠪᠡ᠃
22.jpg 
      ᠲᠤᠬᠠᠶ ᠶᠢᠨ ᠲᠠᠯᠠᠪᠠᠶ ᠳᠤ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ᠂ ᠬᠠᠤᠯᠢ ᠲᠦᠭᠡᠮᠡᠯᠵᠢᠭᠦᠯᠬᠦ ᠡᠳ᠋ ᠪᠣᠳᠠᠰ 100 ᠭᠠᠷᠤᠶ ᠶᠢ ᠲᠠᠷᠬᠠᠭᠠᠵᠤ᠂ ᠣᠯᠠᠨ ᠲᠦᠮᠡᠨ ᠢ ᠬᠡᠳᠦᠨ ᠵᠠᠭᠤᠨ ᠬᠥᠮᠦᠨ ᠬᠠᠮᠤᠷᠪᠠ᠃ ᠲᠤᠰ ᠤᠳᠠᠭ᠎ᠠ ᠶᠢᠨ ᠤᠬᠠᠭᠤᠯᠭ᠎ᠠ ᠨᠢ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠲᠤᠬᠠᠢ ᠣᠶᠢᠯᠠᠭᠠᠯᠲᠠ ᠪᠣᠯᠤᠨ ᠤᠷᠤᠯᠴᠠᠯᠭ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠪᠡ᠃    ᠲᠠᠷᠠᠭᠠᠴᠢ ᠪᠠᠷ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠴᠢᠩᠭ᠎ᠠ ᠠᠳᠬᠤᠵᠤ᠂ ᠮᠡᠷᠭᠡᠵᠢᠯ ᠤᠨ ᠨᠢᠭᠤᠴᠠ ᠶᠢ ᠵᠠᠳᠠᠷᠠᠭᠤᠯᠬᠤ ᠪᠠ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠵᠦ᠂ ᠠᠵᠤ  ᠠᠬᠤᠶᠢᠯᠠᠯ ᠤᠨ ᠮᠡᠷᠭᠡᠵᠢᠯ ᠤᠨ ᠳᠡᠮᠵᠢᠯᠭᠡ ᠦᠢᠯᠡᠴᠢᠯᠡᠭᠡ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠤᠯ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠵᠤ᠂ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠮᠤᠷ ᠲᠦᠪᠰᠢᠨ ᠢ ᠡᠵᠡᠮᠳᠡᠵᠦ ᠪᠣᠯᠬᠤ ᠣᠷᠴᠢᠨ ᠲᠣᠭᠤᠷᠢᠨ ᠳᠤ ᠤᠯᠠᠷᠢᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠬᠦᠴᠦ ᠨᠡᠮᠡᠷᠢᠯᠡᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号