ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ | ᠬᠠᠷᠠᠭᠠᠯᠵᠠᠬᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠥ | ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠵᠦ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ᠂ ᠲᠤᠰᠬᠠᠶ | ᠪᠠᠯᠠ ᠮᠥᠩᠭᠦ ᠰᠠᠯᠭᠠᠨ ᠥᠭᠴᠦ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠠᠵᠢᠯ ᠢ | ᠳᠡᠮᠵᠢᠬᠦ ᠳᠤ ᠬᠡᠷᠡᠭᠯᠡᠵᠦ᠂ ᠠᠰᠠᠷᠠᠨ ᠬᠠᠷᠠᠭᠠᠯᠵᠠᠬᠤ ᠬᠠᠮᠲᠤᠯᠢᠭ ᠤᠨ ᠡᠷᠬᠡ ᠠᠰᠢᠭ ᠢ ᠨᠠᠷᠢᠯᠢᠭ ᠣᠨᠣᠴᠠᠲᠠᠶ ᠪᠠᠷ | ᠪᠠᠲᠤᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠤᠯᠠᠮ ᠨᠢᠭᠡ ᠠᠯᠬᠤᠮ ᠨᠢᠭᠲᠠ ᠪᠥᠭᠡᠳ ᠪᠠᠲᠤ | ᠰᠦᠯᠵᠢᠪᠡ᠃ | 2025 ᠣᠨ ᠤ ᠨᠢᠭᠡᠳᠦᠭᠡᠷ ᠤᠯᠠᠷᠢᠯ ᠳᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠳᠤ 124.67 ᠲᠦᠮᠡᠨ ᠲᠥᠭᠦᠷᠢᠭ ᠤᠨ ᠲᠤᠰᠬᠠᠶ ᠨᠥᠬᠦᠪᠥᠷᠢ ᠮᠥᠩᠭᠦ ᠰᠠᠯᠭᠠᠨ ᠥᠭᠴᠦ᠂ ︽ | ᠲᠥᠷᠥᠯ ᠬᠤᠪᠢᠶᠠᠨ ᠲᠠᠰ ᠬᠤᠪᠢᠶᠠᠬᠤ᠂ ᠬᠥᠳᠡᠯᠦᠩᠭᠦᠶ ᠪᠠᠷ ᠳᠣᠭᠢᠷᠠᠭᠤᠯᠬᠤ︾ ᠵᠠᠷᠴᠢᠮ ᠶᠣᠰᠣᠭᠠᠷ᠂ ᠠᠰᠠᠷᠠᠨ | ᠬᠠᠷᠠᠭᠠᠯᠵᠠᠬᠤ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠵᠤ᠂ ᠠᠰᠠᠷᠠᠨ ᠬᠠᠷᠠᠭᠠᠯᠵᠠᠬᠤ ᠡᠲᠡᠭᠡᠳ ᠢ | ᠲᠣᠭᠲᠠᠮᠠᠯ ᠬᠤᠭᠤᠴᠠᠭ᠎ᠠ ᠲᠠᠢ ᠪᠠᠷ ᠠᠰᠠᠷᠠᠨ ᠬᠠᠷᠠᠭᠠᠯᠵᠠᠬᠤ ᠮᠥᠩᠭᠦ ᠣᠯᠭᠤᠬᠤ ᠳᠤ ᠬᠡᠷᠡᠭᠯᠡᠵᠦ᠂ ᠨᠤᠲᠤᠭ ᠤᠨ | ᠠᠬᠠᠮᠠᠳ ᠴᠡᠷᠢᠭ ᠠᠴᠠ ᠬᠠᠯᠠᠭᠳᠠᠭᠰᠠᠳ᠂ ᠡᠪᠡᠳᠴᠢᠨ ᠲᠠᠢ ᠬᠥᠮᠦᠰ ᠢ ᠨᠤᠲᠤᠭ ᠲᠠᠭᠠᠨ ᠪᠤᠴᠠᠭᠰᠠᠳ᠂ ︽ᠭᠤᠷᠪᠠᠨ | ᠬᠡᠷ ᠪᠦᠯᠢ︾᠂ ᠵᠡᠮᠳᠡᠭ ᠬᠥᠮᠦᠰ᠂ ᠴᠡᠷᠢᠭ ᠲᠤ ᠣᠷᠣᠵᠤ ᠴᠡᠷᠢᠭ ᠠᠴᠠ ᠬᠠᠯᠠᠭᠳᠠᠭᠰᠠᠳ᠂ ᠮᠠᠯᠵᠢᠬᠤ ᠲᠠᠷᠢᠶᠠᠯᠠᠬᠤ | ᠣᠷᠣᠨ ᠤ ᠬᠠᠷᠢᠶ᠎ᠠ 60 ᠨᠠᠰᠤᠨ ᠠᠴᠠ ᠳᠡᠭᠡᠭᠰᠢᠬᠢ ᠴᠡᠷᠢᠭ ᠠᠴᠠ ᠬᠠᠯᠠᠭᠳᠠᠭᠰᠠᠳ᠂ ᠠᠬᠠᠮᠠᠳ ᠦᠷᠡᠭᠳᠡᠭᠰᠡᠨ | ᠪᠠᠭᠠᠲᠤᠷᠴᠤᠳ ᠤᠨ ᠦᠷ᠎ᠡ ᠬᠡᠤᠬᠡᠳ ᠵᠡᠷᠭᠡ ᠣᠯᠠᠨ ᠬᠦᠷᠢᠶᠡᠨ ᠳᠤ ᠨᠡᠶᠢᠲᠡ 319 ᠬᠥᠮᠦᠨ ᠳᠤ ᠬᠤᠯᠪᠣᠭᠳᠠᠵᠠᠶ᠃ | ᠡᠭᠦᠨ ᠤ ᠬᠠᠮᠲᠤ᠂ ᠪᠠᠷᠠᠭᠠᠨ ᠤ ᠦᠨ᠎ᠡ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠠᠰᠠᠷᠠᠨ | ᠬᠠᠷᠠᠭᠠᠯᠵᠠᠬᠤ ᠡᠲᠡᠭᠡᠳ ᠤᠨ ᠦᠨᠳᠦᠰᠦᠨ ᠠᠮᠢᠳᠤᠷᠠᠯ ᠤᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ | ᠪᠠᠲᠤᠯᠠᠵᠤ᠂ ᠨᠠᠮ ᠪᠠ ᠤᠯᠤᠰ ᠤᠨ ᠬᠠᠯᠠᠮᠵᠢᠯᠠᠯ ᠢ ᠦᠨᠡᠨ ᠬᠦ ᠮᠡᠳᠡᠷᠡᠪᠡ᠃ | ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠲᠠᠢ ᠬᠠᠮᠲᠤᠷᠠᠨ ᠪᠡᠯᠡ ᠮᠥᠩᠭᠦ ᠶᠢᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠵᠦ᠂ | ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠶᠢᠯᠭᠠᠬᠤ ᠶᠢ ᠪᠠᠲᠤᠯᠠᠨ᠎ᠠ᠃ ᠴᠡᠷᠢᠭ ᠠᠴᠠ ᠬᠠᠯᠠᠭᠳᠠᠭᠰᠠᠳ ᠵᠢᠴᠢ | ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ | ᠨᠡᠮᠡᠭᠳᠡᠭᠦᠯᠵᠦ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢᠨ ᠬᠠᠶᠢᠷ᠎ᠠ ᠬᠠᠯᠠᠮᠵᠢ ᠶᠢ ᠪᠣᠳᠠᠲᠠᠶ ᠳᠤ | ᠨᠠᠶᠢᠳᠠᠪᠤᠷᠢᠵᠢᠭᠤᠯᠤᠨ᠎ᠠ᠃ | | | | | | |